【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠴᠠᠭᠠᠨ ᠰᠠᠷ᠎ᠠ ᠶᠢᠨ ᠬᠤᠭᠤᠴᠠᠭᠠᠨ ᠳᠤ ᠡᠷᠢᠶᠡᠨ ᠪᠣᠭᠤᠮᠲᠠ ᠶᠢᠨ ᠬᠢᠯᠢ ᠪᠠᠷ  ᠵᠣᠷᠴᠢᠭᠴᠢᠳ ᠪᠠ ᠮᠠᠰᠢᠨ ᠳᠡᠷᠭᠡ ᠴᠢᠯᠦᠭᠡᠳᠠᠢ ᠨᠡᠪᠳᠡᠷᠡᠨ᠎ᠠ
ᠨᠡᠶᠢᠲᠡᠯᠡᠭᠰᠡᠨ ᠴᠠᠭ᠄
2024/2/20
     2 ᠰᠠᠷ᠎ᠠ ᠶᠢᠨ 19 ᠤ ᠡᠳᠦᠷ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠪᠠᠶᠢᠴᠠᠭᠠᠨ ᠰᠢᠯᠭᠠᠯᠲᠠ ᠪᠠᠷ ᠬᠢᠯᠢ ᠪᠠᠷ ᠣᠷᠣᠵᠤ ᠭᠠᠷᠬᠤ ᠬᠥᠮᠦᠰ 8012 ᠬᠥᠮᠦᠨ ᠤᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠢ 2478 ᠤᠳᠠᠭ᠎ᠠ ᠪᠠᠶᠢᠴᠠᠭᠠᠪᠠ᠃    ᠴᠠᠭᠠᠨ ᠰᠠᠷ᠎ᠠ ᠶᠢᠨ ᠬᠤᠭᠤᠴᠠᠭᠠᠨ ᠳᠤ᠂ ᠡᠷᠢᠶᠡᠨ ᠪᠣᠭᠤᠮᠲᠠ ᠶᠢᠨ ᠲᠤᠬᠠᠶ ᠶᠢᠨ ᠲᠠᠯᠠᠪᠠᠶ ᠳᠤ ᠪᠣᠭᠤᠮᠲᠠ ᠪᠠᠷ ᠥᠩᠭᠡᠷᠡᠬᠦ ᠠᠶᠠᠨᠴᠢᠳ ᠭᠤᠤᠯᠳᠠᠭᠤ ᠭᠠᠳᠠᠭᠰᠢ ᠭᠠᠷᠬᠤ ᠬᠥᠮᠦᠰ ᠢᠶᠠᠷ ᠭᠤᠤᠯ ᠪᠣᠯᠭᠠᠵᠤ᠂ ᠬᠤᠶᠠᠷ ᠭᠠᠵᠠᠷ ᠤᠨ ᠠᠵᠢᠯ ᠳᠤ ᠭᠠᠷᠬᠤ ᠬᠥᠮᠦᠰ ᠪᠠ ᠪᠤᠴᠠᠵᠤ ᠢᠷᠡᠬᠦ ᠠᠶᠠᠨᠴᠢᠳ ᠤᠨ ᠲᠤᠭ᠎ᠠ ᠣᠯᠠᠰᠢᠷᠠᠪᠠ᠃    ᠬᠥᠮᠦᠨ ᠤ ᠤᠷᠤᠰᠬᠠᠯ᠂ ᠲᠡᠷᠭᠡᠨ ᠤ ᠤᠷᠤᠰᠬᠠᠯ ᠤᠨ ᠠᠮᠤᠷ ᠲᠦᠪᠰᠢᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠶᠢᠨ ᠳᠣᠯᠠᠳᠠ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠶᠢᠴᠠᠭᠠᠨ ᠰᠢᠯᠭᠠᠬᠤ ᠵᠠᠮ ᠢ ᠤᠷᠢᠳᠴᠢᠯᠠᠨ ᠭᠦᠢᠴᠡᠳ ᠨᠡᠭᠡᠭᠡᠵᠦ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠵᠦᠢᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠬᠢᠯᠢ ᠪᠠᠷ ᠣᠷᠣᠵᠤ ᠭᠠᠷᠬᠤ ᠣᠷᠴᠢᠨ ᠨᠥᠬᠦᠴᠡᠯ ᠢ ᠪᠣᠶ ᠪᠣᠯᠭᠠᠪᠠ᠃ ᠡᠭᠦᠷᠭᠡ ᠭᠦᠢᠴᠡᠳᠭᠡᠬᠦ ᠲᠤᠬᠠᠶ ᠶᠢᠨ ᠲᠠᠯᠠᠪᠤᠷ ᠤᠨ ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠠᠶᠠᠨᠴᠢᠳ ᠢ ᠬᠥᠲᠥᠯᠦᠨ ᠵᠢᠯᠣᠭᠤᠳᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠵᠦ᠂ ᠴᠠᠭ ᠲᠤ ᠨᠢ ᠲᠣᠬᠢᠷᠠᠭᠤᠯᠤᠨ ᠴᠠᠭᠳᠠᠭᠠᠨ ᠤ ᠬᠦᠴᠦᠨ ᠢ ᠨᠡᠮᠡᠨ ᠲᠣᠮᠢᠯᠠᠵᠤ᠂ ᠬᠥᠭᠰᠢᠨ ᠪᠠᠭᠤᠷᠠᠶ ᠵᠢᠷᠮᠦᠰᠦᠨ ᠬᠦᠭᠵᠢᠯ ᠤᠨ ᠪᠡᠷᠭᠡᠰᠢᠶᠡᠯᠳᠡᠨ ᠵᠡᠷᠭᠡ ᠣᠨᠴᠠᠭᠠᠶ ᠬᠦᠮᠦᠰ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠬᠥᠮᠦᠨ ᠬᠦᠯᠢᠶᠡᠬᠦ ᠲᠡᠷᠭᠡ᠂ ᠬᠦᠷᠦᠮᠡᠭᠴᠡ ᠪᠠᠶᠢᠴᠠᠭᠠᠬᠤ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢ ᠲᠡᠷᠡ ᠳᠠᠷᠤᠶ ᠳᠤᠨᠢ ᠪᠠᠶᠢᠴᠠᠭᠠᠵᠤ᠂ ᠳᠠᠷᠦ᠋ᠢᠬᠠᠨ ᠪᠠᠶᠢᠴᠠᠭᠠᠵᠤ ᠳᠠᠷᠦ᠋ᠢᠬᠠᠨ ᠲᠠᠯᠪᠢᠬᠤ ᠶᠢ ᠪᠠᠲᠤᠯᠠᠵᠤ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠶᠢ ︽ᠴᠠᠭ ᠬᠤᠶᠢᠰᠢᠯᠠᠭᠤᠯᠬᠤ︾ ᠶᠢ ᠪᠡᠶᠡᠯᠡᠭᠦᠯᠵᠦ᠂ ᠠᠶᠠᠨᠴᠢᠳ᠂ ᠲᠡᠷᠭᠡᠨ ᠤ ᠴᠤᠪᠤᠷᠠᠯ ᠤᠨ ᠥᠨᠳᠥᠷ ᠪᠦᠲᠦᠮᠵᠢᠲᠡᠶ ᠰᠠᠭᠠᠳ ᠥᠬᠡᠶ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号