ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠥᠯᠥᠪᠵᠢᠭᠦᠯᠭᠡ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/22
  2 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠮᠠᠨ ᠤ ᠬᠤᠲᠠ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠯᠲᠠ ᠪᠠ ᠪᠠᠶᠢᠴᠠᠭᠠᠨ ᠰᠤᠳᠤᠯᠤᠯᠲᠠ ᠥᠷᠨᠢᠭᠦᠯᠵᠦ᠂ ᠮᠠᠨ ᠤ ᠬᠤᠲᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠳ᠋ᠦᠩ ᠱᠧᠩ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠬᠤᠲᠠ ᠶᠢᠨ ᠲᠠᠷᠢᠶᠠᠯᠠᠩ ᠮᠠᠯ ᠠᠵᠦ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠭᠡᠷᠡᠯᠳᠣᠠᠣᠳᠦ ᠰᠤᠮᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠣᠭᠤᠷᠢᠨ ᠳᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠠᠢ ᠭᠦᠨᠵᠡᠭᠡᠶ ᠰᠣᠯᠢᠯᠴᠠᠨ ᠶᠠᠷᠢᠯᠴᠠᠪᠠ᠃    ᠬᠤᠷᠠᠯ ᠠᠴᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠣᠯ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠤ ᠬᠡᠷᠡᠭᠴᠡᠭᠡ ᠮᠥᠨ᠃ ᠪᠦᠬᠦ ᠠᠵᠤ ᠦᠢᠯᠡᠰ ᠢ ᠰᠢᠰᠲ᠋ᠧᠮ ᠲᠠᠢ ᠲᠥᠯᠥᠪᠵᠢᠭᠦᠯᠬᠦ᠂ ᠪᠦᠬᠦ ᠡᠯᠧᠮᠧᠨ᠋ᠲ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠴᠢᠭᠯᠡᠯ ᠢ ᠣᠨᠣᠪᠴᠢᠲᠠᠢ ᠣᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠦᠯᠯᠡᠷᠭᠡᠭᠵᠢᠯ ᠢ ᠵᠠᠰᠠᠬᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠣᠨᠴᠠᠯᠢᠭ ᠵᠡᠷᠭᠡ ᠲᠠᠢ ᠤᠶᠠᠯᠳᠤᠭᠤᠯᠵᠤ᠂ ᠪᠣᠳᠠᠲᠠᠢ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠲᠥᠯᠥᠪᠵᠢᠭᠦᠯᠭᠡ ᠶᠢ ᠭᠤᠣᠯᠳᠠᠯᠭ᠎ᠠ ᠲᠠᠢ ᠲᠥᠯᠥᠪᠵᠢᠭᠦᠯᠬᠦ ᠬᠡᠷᠡᠭᠲᠡᠢ᠃ ᠪᠣᠭᠤᠮᠲᠠ ᠶᠢᠨ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ᠂ ᠰᠡᠯᠡᠭᠦᠴᠡᠨ ᠵᠤᠭᠠᠴᠠᠬᠤ ᠵᠡᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠰᠦᠪᠡᠭᠴᠢᠯᠡᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠰᠡᠳᠬᠢᠨ ᠪᠣᠳᠣᠯᠬᠢᠯᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠷ ᠠᠵᠠ ᠲᠣᠬᠢᠶᠠᠯ ᠪᠣᠯᠭᠠᠨ᠂ ᠪᠠᠶᠢᠳᠠᠯ ᠢ ᠲᠣᠳᠣᠷᠬᠠᠶ ᠣᠶᠢᠯᠠᠭᠠᠵᠤ᠂ ᠡᠯ᠎ᠡ ᠬᠦᠷᠢᠶᠡᠨ ᠤ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号