ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ᠄ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠬᠦᠯᠵᠤ ᠰᠢᠨ᠎ᠡ ᠬᠦᠰᠡᠯ ᠡᠷᠡᠮᠡᠯᠵᠡᠯ ᠲᠠᠷᠢᠪᠠ
ᠨᠡᠶᠢᠲᠡᠯᠡᠭᠰᠡᠨ ᠴᠠᠭ᠄
2024/2/27
   ᠰᠢᠨ᠎ᠡ ᠰᠤᠷᠤᠯᠭ᠎ᠠ ᠶᠢᠨ ᠬᠤᠭᠤᠴᠠᠭ᠎ᠠ ᠪᠣᠯ ᠰᠢᠨ᠎ᠡ ᠬᠦᠰᠡᠯ ᠡᠷᠡᠮᠡᠯᠵᠡᠯ᠂ 2 ᠰᠠᠷ᠎ᠠ ᠶᠢᠨ 26 ᠤ ᠡᠳᠦᠷ ᠪᠣᠯ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠩᠬᠠᠨ ᠤ ᠡᠳᠦᠷ ᠮᠥᠨ᠂ ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠲᠣᠰ ᠪᠡᠶ᠎ᠡ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ ᠤᠨ ᠰᠢᠷᠢᠰ ᠠᠵᠢᠯᠯᠠᠭ᠎ᠠ ᠶᠢ ᠡᠷᠭᠢᠯᠡᠨ᠎ᠡ᠃
  ᠰᠤᠷᠤᠯᠭ᠎ᠠ ᠡᠬᠢᠯᠡᠬᠦ ᠶᠣᠰᠣᠯᠠᠯ ᠨᠢ ᠲᠤᠭ ᠮᠠᠨᠳᠤᠭᠤᠯᠬᠤ ᠰᠦᠷ ᠵᠢᠪᠬᠤᠯᠠᠩᠲᠤ ᠶᠣᠰᠣᠯᠠᠯ ᠤᠨ ᠳᠤᠮᠳᠠ ᠬᠥᠰᠢᠭᠡ ᠪᠠᠨ ᠰᠡᠬᠦᠵᠦ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠪᠦᠬᠦ ᠪᠠᠭᠰᠢ ᠰᠤᠷᠤᠭᠴᠢᠳ ᠰᠡᠳᠬᠢᠯ ᠳᠣᠭᠳᠣᠯᠤᠭᠰᠠᠨ ᠰᠡᠳᠬᠢᠯᠭᠡ ᠪᠠᠷ ᠤᠯᠤᠰ ᠤᠨ ᠲᠤᠭ ᠲᠤ ᠶᠣᠰᠣᠯᠠᠪᠠ᠃
   ᠲᠣᠰ ᠬᠤᠭᠤᠴᠠᠭᠠᠨ ᠤ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠳᠤ ᠠᠮᠤᠷ ᠲᠦᠪᠰᠢᠨ ᠤ ᠬᠥᠮᠦᠵᠢᠯ᠂ ᠡᠷᠡᠭᠦᠯ ᠮᠡᠨᠳᠦ ᠶᠢᠨ ᠬᠥᠮᠦᠵᠢᠯ᠂ ᠬᠠᠷᠢᠭᠤᠴᠠᠯᠭ᠎ᠠ ᠶᠢᠨ ᠬᠥᠮᠦᠵᠢᠯ ᠢ ᠨᠢᠭᠡ ᠴᠤᠭᠴᠠᠵᠢᠭᠤᠯᠵᠤ᠂ ᠲᠤᠭ ᠮᠠᠨᠳᠤᠭᠤᠯᠬᠤ ᠶᠣᠰᠣᠯᠠᠯ᠂ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠬᠡᠯᠪᠡᠷᠢ ᠲᠠᠢ ᠤᠶᠠᠯᠳᠤᠭᠤᠯᠤᠨ᠂ ᠰᠤᠷᠤᠭᠴᠢᠳ ᠲᠤ ᠨᠢᠭᠡ ᠪᠥᠯᠥᠭ ᠣᠶᠤᠨ ᠰᠠᠨᠠᠭᠠᠨ ᠤ ᠰᠠᠶᠢᠨ ᠡᠮ ᠬᠦᠷᠭᠡᠭᠰᠡᠨ ᠪᠥᠭᠡᠳ ᠪᠠᠰᠠ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠬᠠᠮᠲᠤ ᠰᠤᠷᠤᠭᠴᠢᠳ ᠤᠨ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ ᠰᠤᠷᠤᠭᠴᠢᠳ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠠᠪᠤ ᠡᠵᠢ ᠪᠣᠯᠤᠨ ᠪᠠᠭᠰᠢ ᠶᠢᠨ ᠠᠴᠢ ᠶᠢ ᠬᠠᠷᠢᠭᠤᠯᠠᠵᠤ᠂ ᠥᠪᠡᠷ ᠤᠨ ᠰᠠᠶᠢᠨ ᠰᠠᠶᠢᠬᠠᠨ ᠢᠷᠡᠭᠡᠳᠦᠶ ᠪᠠᠨ ᠴᠣᠭᠴᠠᠯᠠᠨ᠎ᠠ ᠭᠡᠵᠦ ᠢᠯᠡᠳᠬᠡᠵᠡᠭᠡᠪᠡ᠃    ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠵᠠᠩ ᠴᠧᠨ ᠰᠢ ᠬᠡᠯᠡᠭᠰᠡᠨ ᠨᠢ᠄ ︽ᠰᠤᠷᠭᠠᠭᠤᠯᠢ ᠳᠠᠭᠠᠨ ᠬᠠᠷᠢᠭᠠᠳ᠂ ᠲᠠᠨᠢᠯ ᠳᠠᠰᠤᠯ ᠳᠦᠷᠰᠦ ᠶᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠪᠢ ᠰᠠᠶᠢᠲᠤᠷ ᠰᠤᠷᠤᠯᠴᠠᠵᠤ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠭᠲᠤᠨᠠᠮ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号