| 1. ︽ᠲᠠᠪᠤ ᠶᠢ ᠲᠦᠢᠯᠪᠤᠷᠢᠲᠠᠢ︾᠄ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠳᠣᠶᠢᠯᠪᠣᠷᠢᠳᠠᠢ | ᠪᠠᠶᠢᠴᠠᠭᠠᠨ᠎ᠠ︔ ︽ᠬᠠᠭᠠᠰ ᠳᠤᠲᠠᠭᠤ︾ ᠪᠠᠷᠢᠯᠭ᠎ᠠ ᠶᠢ ᠲᠦᠢᠯᠪᠤᠷᠢᠲᠠᠢ ᠪᠠᠶᠢᠴᠠᠭᠠᠨ᠎ᠠ︔ ᠵᠥᠪᠰᠢᠶᠡᠷᠡᠭᠰᠡᠨ ᠪᠠᠶᠢᠲᠠᠯ᠎ᠠ | ᠬᠠᠩᠭᠠᠭᠰᠠᠨ ᠦᠭᠡᠢ᠂ ᠰᠤᠯᠠ ᠪᠠᠶᠢᠭ᠎ᠠ ᠭᠠᠵᠠᠷ ᠰᠢᠷᠣᠢ ᠶᠢ ᠲᠦᠢᠯᠪᠤᠷᠢᠲᠠᠢ ᠪᠠᠶᠢᠴᠠᠭᠠᠨ᠎ᠠ︔ ᠲᠤᠨᠤᠮᠠᠯ ᠪᠡᠯᠡ | ᠮᠥᠩᠭᠦ ᠶᠢ ᠳᠣᠶᠢᠯᠪᠣᠷᠢᠳᠠᠢ ᠠᠰᠢᠭᠯᠠᠨ᠎ᠠ︔ ᠨᠡᠭᠡᠭᠡᠨ ᠬᠥᠭᠵᠢᠭᠦᠯᠬᠦ ᠣᠷᠣᠨ ᠤ ᠰᠤᠯᠠ ᠪᠠᠶᠢᠭ᠎ᠠ ᠡᠬᠢ ᠪᠠᠶᠠᠯᠢᠭ ᠤᠨ | ᠬᠦᠴᠦᠨ ᠵᠦᠢᠯ ᠢ ᠳᠣᠶᠢᠯᠪᠣᠷᠢᠳᠠᠢ ᠠᠰᠢᠭᠯᠠᠨ᠎ᠠ᠃ | 2. ︽TIR︾ ᠲᠤᠬᠠᠶᠢᠯᠠᠪᠠᠯ᠂ ᠳᠠᠷᠤᠢ ︽ᠣᠯᠠᠨ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ | ᠨᠡᠶᠢᠲᠡ ᠶᠢᠨ ᠭᠡᠷ᠎ᠡ︾ ᠪᠣᠯᠣᠨ᠎ᠠ᠂ ᠵᠥᠭᠡᠭᠡᠪᠦᠷᠢ ᠶᠢᠨ ᠴᠢᠩᠭᠡᠯᠢᠭᠲᠦ ᠵᠠᠰᠠᠮᠠᠯ ᠵᠠᠮ ᠤᠨ ᠳᠠᠭᠠᠭᠠᠴᠢᠯᠠᠨ | ᠲᠡᠭᠡᠭᠡᠪᠦᠷᠢᠯᠡᠭᠴᠢ ᠬᠡᠷᠪᠡ TIR ᠶᠢᠨ ᠭᠠᠷ ᠳᠡᠪᠲᠡᠷ ᠲᠠᠢ ᠪᠣᠯ ᠵᠥᠭᠡᠭᠡᠪᠦᠷᠢ ᠶᠢᠨ ᠭᠠᠵᠠᠷ ᠠᠴᠠ ᠵᠣᠷᠢᠭᠰᠠᠨ ᠭᠠᠵᠠᠷ | ᠬᠦᠷᠲᠡᠯ᠎ᠡ ᠵᠥᠭᠡᠭᠡᠪᠦᠷᠢᠯᠡᠨ᠎ᠡ᠂ ᠪᠣᠭᠤᠮᠲᠠ ᠶᠢᠨ ᠡᠪᠬᠡᠮᠡᠯ ᠳᠣᠣᠷ᠎ᠠ ᠵᠠᠮ ᠵᠠᠭᠤᠷ᠎ᠠ ᠪᠠᠶᠢᠴᠠᠭᠠᠯᠲᠠ ᠬᠢᠬᠦ ᠦᠭᠡᠢ᠂ | ᠭᠠᠶᠢᠯᠢ ᠲᠠᠲᠠᠪᠤᠷᠢ ᠲᠥᠯᠥᠬᠦ ᠦᠭᠡᠢ᠂ ᠪᠠᠷᠢᠴᠠᠭᠠᠨ ᠤ ᠮᠥᠩᠭᠦ ᠥᠭᠬᠦ ᠦᠭᠡᠢ ᠪᠠᠶᠢᠵᠤ ᠪᠣᠯᠣᠨ᠎ᠠ᠃ | 3᠂ ︽ᠲᠠᠪᠤᠨ ᠡᠷᠬᠡᠪᠰᠢ︾᠄ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ | ᠶᠣᠰᠣ ᠪᠣᠯᠭᠠᠬᠤ ᠬᠡᠷᠡᠭᠲᠡᠢ︔ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠬᠡᠬᠦ ᠶᠢ ᠬᠦᠴᠦᠯᠡᠨ | ᠪᠠᠷᠢᠮᠲᠠᠯᠠᠨ᠎ᠠ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ | ᠬᠦᠴᠦᠨ ᠢ ᠴᠢᠩᠭᠠᠷᠠᠭᠤᠯᠬᠤ ᠶᠢ ᠪᠠᠷᠢᠮᠲᠠᠯᠠᠨ᠎ᠠ︔ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ | ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠠᠷᠢᠮᠲᠠᠯᠠᠬᠤ ᠬᠡᠷᠡᠭᠲᠡᠢ︔ ᠡᠷᠬᠡᠪᠰᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠣᠯᠭᠠᠬᠤ ᠬᠡᠷᠡᠭᠲᠡᠢ᠃ | 4. ︽ᠶᠢᠰᠦᠨ ᠵᠦᠢᠯ ᠤᠨ ᠭᠤᠣᠯᠳᠠᠯᠭ᠎ᠠ ᠲᠠᠢ ᠡᠭᠦᠷᠭᠡ︾᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ | ︔ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠥᠷᠭᠡᠳᠬᠡᠨ᠎ᠡ︔ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠨ᠎ᠡ︔ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ | ᠰᠡᠷᠭᠡᠶᠢᠯᠡᠨ ᠠᠷᠢᠯᠭᠠᠨ᠎ᠠ︔ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ | ᠦᠭᠡᠢ ᠰᠠᠶᠢᠲᠤᠷ ᠠᠳᠬᠤᠨ᠎ᠠ︔ ᠬᠤᠳᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠎ᠠ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠭᠦᠨᠵᠡᠭᠡᠶ ᠠᠬᠢᠭᠤᠯᠤᠨ᠎ᠠ︔ ᠠᠷᠠᠳ ᠤᠨ | ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ | 5᠂ ︽ᠨᠢᠭᠡ ᠭᠤᠣᠯ ᠱᠤᠭᠤᠮ︾᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠦᠨᠡᠨ ᠬᠦ ᠪᠦᠬᠦ | ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠃ | 6. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︔ | ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠨᠠᠷᠠᠨ ᠤ ᠡᠨᠧᠷᠬᠢ ᠶᠢ ᠨᠢᠭᠡ ᠴᠣᠭᠴᠠᠵᠢᠭᠰᠠᠨ | ᠢᠨᠵᠧᠨᠧᠷᠢᠩ︔ ᠳᠣᠯᠠᠭᠠᠯᠠᠭ᠎ᠠ ᠶᠢᠨ ᠢᠨᠵᠧᠨᠧᠷᠢᠩ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ | ︔ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ︔ ᠴᠢᠯᠥᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃ | 7. ︽ᠲᠠᠪᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾᠄ ᠨᠡᠭᠡᠭᠡᠯᠲᠡ ᠬᠢᠬᠦ ᠴᠢᠳᠠᠪᠤᠷᠢ ᠶᠢᠨ ᠲᠠᠰ ᠢ | ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ︔ ᠠᠵᠤ ᠦᠢᠯᠡᠰ ᠢ ᠪᠤᠵᠠᠭᠠᠶᠢᠷᠠᠭᠤᠯᠵᠤ ᠳᠡᠰ ᠳᠡᠪᠰᠢᠭᠦᠯᠬᠦ | ᠪᠣᠭᠤᠮᠲᠠ ᠰᠢᠪᠲᠤᠯᠬᠤ ᠳᠠᠶᠢᠯᠠᠯᠳᠤᠭᠠᠨ︔ ᠬᠤᠳᠠᠯᠳᠣᠭᠠᠨ ᠤ ᠣᠷᠴᠢᠨ ᠢ ᠰᠠᠶᠢᠵᠢᠷᠠᠭᠤᠯᠬᠤ ᠪᠣᠭᠤᠮᠳᠠ ᠰᠢᠪᠳᠣᠯᠬᠤ | ᠳᠠᠶᠢᠯᠠᠯᠳᠣᠭᠠᠨ︔ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ︔ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ︔ | 8. ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠵᠠᠳᠠᠯᠤᠯᠲᠠ ᠬᠢᠬᠦ︾᠄ ︽ᠬᠤᠶᠠᠷ ᠵᠢᠷᠤᠭ︾ ᠲᠤᠬᠠᠶᠢᠯᠠᠪᠠᠯ | ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠬᠠᠷᠠᠭᠠᠨ ᠵᠢᠷᠤᠭ᠂ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠠᠯᠤᠰ ᠤᠨ ᠬᠠᠷᠠᠭᠠᠨ ᠵᠢᠷᠤᠭ︔ ︽ᠬᠤᠶᠠᠷ ᠬᠦᠰᠦᠨᠦᠭᠲᠦ︾ ᠲᠤᠬᠠᠶᠢᠯᠠᠪᠠᠯ ᠠᠵᠤ | ᠦᠢᠯᠡᠰ ᠤᠨ ᠬᠡᠯᠬᠢᠶ᠎ᠡ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠦᠰᠦᠨᠣᠭ᠍ᠳᠦ᠂ ᠠᠵᠤ ᠦᠢᠯᠡᠰ ᠤᠨ | ᠬᠡᠯᠬᠢᠶ᠎ᠡ ᠶᠢᠨ ᠢᠵᠢ ᠪᠥᠷᠢᠳᠦᠭᠦᠯᠬᠦ ᠠᠵᠤ ᠠᠬᠤᠶᠢᠯᠠᠯ ᠤᠨ ᠬᠦᠰᠦᠨᠦᠭᠲᠦ︔ ︽ᠬᠤᠶᠠᠷ ᠬᠥᠮᠥᠷᠭᠡ︾ ᠲᠤᠬᠠᠶᠢᠯᠠᠪᠠᠯ | ᠠᠵᠤ ᠦᠢᠯᠡᠰ ᠤᠨ ᠬᠡᠯᠬᠢᠶ᠎ᠡ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ᠂ ᠠᠵᠤ ᠦᠢᠯᠡᠰ ᠤᠨ | ᠬᠡᠯᠬᠢᠶ᠎ᠡ ᠶᠢᠨ ᠬᠤᠯᠪᠣᠭᠳᠠᠬᠤ ᠬᠡᠷᠡᠭᠯᠡᠭᠴᠢ ᠶᠢᠨ ᠬᠥᠮᠥᠷᠭᠡ︔ ︽ᠬᠤᠶᠠᠷ ᠵᠠᠳᠠᠯᠤᠯᠲᠠ︾ ᠭᠡᠳᠡᠭ ᠨᠢ ᠳᠠᠷᠤᠶ ᠲᠥᠷᠥᠯ | ᠵᠦᠢᠯ ᠢ ᠨᠠᠶᠢᠳᠠᠪᠤᠷᠢᠵᠢᠭᠤᠯᠬᠤ ᠳᠤ ᠵᠣᠬᠢᠴᠠᠬᠤ ᠴᠢᠨᠠᠷᠲᠠᠶ ᠵᠠᠳᠠᠯᠤᠯᠲᠠ᠂ ᠲᠥᠷᠥᠯ ᠵᠦᠢᠯ ᠤᠨ ᠥᠷᠢᠰᠥᠯᠳᠦᠭᠡᠨ ᠤ | ᠬᠠᠷᠢᠴᠠᠯ ᠤᠨ ᠴᠢᠨᠠᠷᠲᠠᠶ ᠵᠠᠳᠠᠯᠤᠯᠲᠠ ᠪᠣᠯᠤᠨ᠎ᠠ᠃ | 9᠂ ︽ᠭᠠᠶᠢᠯᠢ ᠶᠢ ᠬᠤᠷᠢᠶᠠᠩᠭᠤᠶᠢᠯᠠᠨ ᠲᠠᠲᠠᠪᠤᠷᠢᠯᠠᠬᠤ ᠶᠢ ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ | ᠄ ︽ᠭᠠᠶᠢᠯᠢ ᠶᠢ ᠬᠤᠷᠢᠶᠠᠩᠭᠤᠶᠢᠯᠠᠨ ᠲᠠᠲᠠᠪᠤᠷᠢᠯᠠᠬᠤ︾ ᠪᠣᠯ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠠᠷᠠᠯᠵᠢᠶᠠᠨ ᠤ | ᠳᠥᠭᠦᠮᠴᠢᠯᠡᠯᠲᠡ ᠶᠢ ᠠᠬᠢᠭᠤᠯᠬᠤ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠬᠤ ᠳᠤ | ᠭᠠᠷᠭᠠᠭᠰᠠᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠡᠷᠴᠢᠮᠵᠢᠭᠦᠯᠦᠭᠰᠡᠨ ᠭᠠᠶᠢᠯᠢ ᠲᠠᠲᠠᠪᠤᠷᠢᠯᠠᠬᠤ ᠵᠠᠭᠪᠤᠷ ᠮᠥᠨ᠂ | ᠳᠥᠭᠦᠮᠬᠡᠨ ᠢᠶᠠᠷ ᠬᠡᠯᠡᠪᠡᠯ ︽ᠤᠷᠢᠳᠠᠪᠠᠷ ᠲᠠᠯᠪᠢᠵᠤ ᠳᠠᠷᠠᠭ᠎ᠠ ᠨᠢ ᠭᠠᠶᠢᠯᠢ ᠬᠤᠷᠢᠶᠠᠵᠤ᠂ ᠬᠤᠷᠢᠶᠠᠩᠭᠤᠶᠢᠯᠠᠨ ᠭᠠᠶᠢᠯᠢ | ᠲᠤᠰᠢᠶᠠᠬᠤ︾ ᠶᠠᠪᠤᠳᠠᠯ ᠪᠣᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠪᠢᠯᠧᠲ ᠳᠠᠷᠠᠭᠠᠯᠠᠨ ᠭᠠᠶᠢᠯᠢ | ᠲᠠᠲᠠᠪᠤᠷᠢᠯᠠᠬᠤ ᠵᠠᠭᠪᠤᠷ ᠲᠠᠢ ᠠᠳᠠᠯᠢ ᠦᠭᠡᠶ᠂ ᠪᠣᠭᠤᠮᠲᠠ ᠶᠢᠨ ᠨᠥᠬᠦᠴᠡᠯ ᠳᠤ ᠨᠡᠶᠢᠴᠡᠬᠦ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠭᠠᠶᠢᠯᠢ ᠲᠤᠰᠢᠶᠠᠬᠤ ᠡᠭᠦᠷᠭᠡᠳᠡᠨ ᠵᠣᠬᠢᠬᠤ ᠬᠤᠭᠤᠴᠠᠭᠠᠨ ᠳᠣᠲᠣᠷ᠎ᠠ | ᠣᠯᠠᠨ ᠤᠳᠠᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠤᠰᠢᠶᠠᠪᠠᠰᠤ ᠵᠣᠬᠢᠬᠤ | ᠭᠠᠶᠢᠯᠢ ᠶᠢᠨ ᠵᠣᠭᠤᠰ ᠲᠤ ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ ᠶᠢ ᠬᠡᠷᠡᠭᠵᠢᠭᠦᠯᠦᠨ᠎ᠡ᠃ ︽ᠬᠤᠶᠠᠷ | ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠯ ᠪᠣᠭᠤᠮᠲᠠ ᠶᠢᠨ ᠶᠡᠷᠦᠩᠬᠡᠶ ᠵᠠᠬᠢᠷᠭ᠎ᠠ ᠣᠯᠠᠨ ᠤᠯᠤᠰ ᠤᠨ | ᠠᠷᠠᠯᠵᠢᠶᠠᠨ ᠤ ᠣᠨᠴᠠᠯᠢᠭ ᠪᠠ ᠠᠮᠤᠷ ᠲᠦᠪᠰᠢᠨ ᠤ ᠲᠥᠬᠦᠮ ᠦᠵᠡᠭᠦᠯᠬᠦ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠤ᠂ ᠪᠣᠭᠤᠮᠲᠠ ᠪᠠᠷ ᠥᠩᠭᠡᠷᠡᠬᠦ ᠨᠢᠭᠡ ᠵᠦᠢᠯ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ | ᠪᠣᠯᠤᠨ᠎ᠠ᠃ ᠡᠶᠢᠮᠦᠷᠬᠦᠦ ᠵᠠᠭᠪᠤᠷ ᠳᠣᠣᠷ᠎ᠠ᠂ ᠠᠵᠤ ᠠᠬᠤᠶᠢᠯᠠᠯ ᠨᠢ ᠪᠦᠬᠦ ᠮᠡᠳᠡᠭᠦᠯᠦᠭᠰᠡᠨ ᠮᠡᠳᠡᠭᠡ ᠵᠠᠩᠭᠢ ᠵᠢᠴᠢ | ᠪᠢᠴᠢᠭ ᠪᠠᠷᠢᠮᠲᠠ ᠪᠠᠨ ᠨᠢᠭᠡ ᠯᠡ ᠤᠳᠠᠭ᠎ᠠ ᠳᠤ ᠲᠤᠰᠢᠶᠠᠬᠤ ᠴᠢᠬᠤᠯᠠ ᠦᠭᠡᠢ᠂ ᠨᠢᠭᠡᠳᠦᠭᠡᠷ ᠠᠯᠬᠤᠮ ᠳᠤ ᠪᠠᠷᠠᠭ᠎ᠠ | ᠭᠠᠷᠭᠠᠵᠤ ᠠᠪᠬᠤ ᠬᠠᠭᠤᠳᠠᠰᠤ ᠶᠢ ᠲᠦᠢᠮᠣᠴᠢᠯᠠᠨ ᠮᠡᠳᠡᠭᠦᠯᠪᠡᠯ ᠳᠠᠷᠤᠶ ᠪᠠᠷᠠᠭ᠎ᠠ ᠭᠠᠷᠭᠠᠵᠤ ᠠᠪᠴᠤ ᠪᠣᠯᠤᠨ᠎ᠠ ︵ | ᠬᠠᠤᠯᠢ ᠴᠠᠭᠠᠵᠠ᠂ ᠬᠢᠨᠠᠨ ᠬᠠᠮᠢᠶᠠᠷᠬᠤ ᠭᠠᠷ ᠭᠦᠢᠴᠡᠳᠬᠡᠯ ᠤᠨ ᠬᠡᠷᠡᠭᠴᠡᠭᠡ ᠶᠢ ᠬᠠᠩᠭᠠᠨ᠎ᠠ︶᠂ ᠬᠤᠶᠠᠳᠤᠭᠠᠷ | ᠠᠯᠬᠤᠮ ᠳᠤ ᠲᠣᠭᠲᠠᠭᠰᠠᠨ ᠴᠠᠭ ᠤᠨ ᠳᠣᠲᠣᠷ᠎ᠠ ᠭᠤᠶᠤᠴᠢᠯᠠᠨ ᠮᠡᠳᠡᠭᠦᠯᠵᠦ ᠪᠣᠯᠤᠨ᠎ᠠ᠃ | 10. ︽ᠳᠠᠪᠤ ᠠᠴᠠ ᠳᠡᠭᠡᠭᠰᠢᠬᠢ ᠠᠵᠤ ᠠᠬᠤᠶᠢᠯᠠᠯ︾᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠂ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ᠂ ᠬᠢᠷᠢ | ᠬᠡᠮ ᠲᠠᠢ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠯᠲᠡ ᠶᠢᠨ ᠦᠢᠯᠡᠰ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠰᠤᠯᠠ ᠪᠠᠷ ᠬᠤᠳᠠᠯᠳᠤᠬᠤ ᠦᠢᠯᠡᠰ ᠪᠠ | ᠬᠤᠨᠤᠭ ᠢᠳᠡᠭᠡᠨ ᠤᠮᠳᠠᠭᠠᠨ ᠤ ᠦᠢᠯᠡᠰ᠃ | 11᠂ ︽ᠴᠠᠬᠢᠯᠭᠠᠨ ᠤ ᠰᠤᠷᠪᠤᠯᠵᠢ ᠲᠣᠣᠷ ᠤᠨ ᠳᠠᠭᠠᠭᠠᠴᠠ ᠨᠥᠭᠡᠴᠡ︾᠄ ︽ᠴᠠᠬᠢᠯᠭᠠᠨ ᠡᠭᠦᠰᠭᠡᠭᠴᠢ᠂ | ᠴᠠᠬᠢᠯᠭᠠᠨ ᠲᠣᠣᠷ᠂ ᠳᠠᠭᠠᠭᠠᠴᠠ᠂ ᠡᠨᠧᠷᠭᠢ ᠬᠠᠳᠠᠭᠠᠯᠠᠬᠤ︾ ᠪᠠᠷ ᠪᠦᠬᠦᠯᠢ ᠴᠣᠭᠴᠠ ᠶᠢᠨ ᠲᠥᠯᠥᠪᠵᠢᠭᠦᠯᠭᠡ | ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠠᠵᠢᠯᠯᠠᠭᠠᠨ ᠤ ᠵᠠᠭᠪᠤᠷ ᠪᠣᠯᠣᠨ᠎ᠠ᠃ ᠴᠠᠬᠢᠯᠭᠠᠨ ᠤ | ᠰᠤᠷᠪᠤᠯᠵᠢ ᠲᠤᠤᠷ ᠳᠠᠭᠠᠭᠠᠴᠠ ᠨᠥᠭᠡᠴᠡ ᠨᠢ ᠨᠡᠶᠢᠭᠡᠮ ᠤᠨ ᠴᠠᠬᠢᠯᠭᠠᠨ ᠬᠦᠴᠦᠨ ᠤ ᠰᠢᠰᠲ᠋ᠧᠮ ᠳᠠᠬᠢ ᠴᠠᠬᠢᠯᠭᠠᠨ | ᠬᠡᠷᠡᠭᠯᠡᠬᠦ ᠳᠠᠭᠠᠭᠠᠴᠠ ᠪᠠ ᠡᠨᠧᠷᠭᠢ ᠬᠠᠳᠠᠭᠠᠯᠠᠬᠤ ᠡᠬᠢ ᠪᠠᠶᠠᠯᠢᠭ ᠢ ᠣᠨᠣᠪᠴᠢᠲᠠᠶ ᠡᠵᠡᠮᠳᠡᠵᠦ᠂ ᠴᠠᠬᠢᠯᠭᠠᠨ | ᠬᠦᠴᠦᠨ ᠤ ᠰᠢᠰᠲ᠋ᠧᠮ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶᠡᠨ ᠤ ᠡᠵᠡᠯᠡᠬᠦ ᠬᠠᠷᠢᠴᠠᠯ | ᠳᠡᠭᠡᠭᠰᠢᠯᠡᠭᠰᠡᠨ ᠠᠴᠠ ᠪᠣᠯᠤᠭᠰᠠᠨ ᠰᠢᠰᠲ᠋ᠧᠮ ᠤᠨ ᠬᠡᠯᠪᠡᠯᠵᠡᠯ ᠢ ᠪᠦᠲᠦᠮᠵᠢᠲᠡᠶ ᠰᠢᠢᠳᠪᠦᠷᠢᠯᠡᠵᠦ᠂ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ ᠤ | ᠲᠣᠤᠷ ᠤᠨ ᠠᠶᠤᠯᠭᠦᠶ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 12᠂ ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ | ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢ | ᠰᠦᠯᠵᠢᠶᠡᠨ ᠳᠤ ᠭᠠᠷᠭᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠳᠤ ᠵᠥᠪᠰᠢᠶᠡᠷᠡᠨ ᠣᠷᠣᠭᠤᠯᠬᠤ ᠨᠠᠷᠢᠨ | ᠲᠠᠩᠰᠠ ᠶᠢ ᠵᠢᠭᠠᠵᠤ ᠪᠠᠶᠢᠨ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠠᠬᠢᠭᠤᠯᠬᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠣᠷᠴᠢᠨ ᠲᠣᠭᠤᠷᠢᠨ ᠤ | ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠲᠤᠯ ᠥᠬᠡᠶ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠃ | 13. ︽EOD ᠵᠠᠭᠪᠤᠷ︾᠄ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠶᠢᠯᠡᠭᠦᠯᠦᠨ ᠨᠡᠭᠡᠭᠡᠨ | ᠬᠥᠭᠵᠢᠭᠦᠯᠬᠦ᠂ ᠬᠤᠯᠪᠣᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠲᠡ ᠶᠢᠨ ᠠᠰᠠᠷᠠᠮᠵᠢ ᠶᠢᠨ | ᠴᠢᠨᠠᠷ ᠢᠶᠠᠷ ᠨᠡᠯᠢᠶᠡᠳ ᠴᠢᠩᠭ᠎ᠠ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠬᠢᠭᠡᠳ ᠠᠰᠢᠭ ᠣᠷᠣᠯᠭ᠎ᠠ ᠨᠢ | ᠨᠡᠯᠢᠶᠡᠳ ᠰᠠᠶᠢᠨ ᠬᠤᠯᠪᠣᠭᠳᠠᠬᠤ ᠠᠵᠤ ᠦᠢᠯᠡᠰ ᠤᠨ ᠪᠦᠲᠦᠮᠵᠢᠲᠡᠶ ᠠᠭᠤᠰᠤᠯᠴᠠᠯ᠂ ᠥᠷᠲᠡᠭ ᠨᠡᠮᠡᠭᠳᠡᠭᠦᠯᠦᠨ | ᠥᠰᠬᠡᠬᠦ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠨᠢᠭᠡ | ᠴᠣᠭᠴᠠᠵᠢᠭᠤᠯᠤᠨ ᠬᠡᠷᠡᠭᠵᠢᠭᠦᠯᠬᠦ᠂ ᠦᠷᠭᠦᠯᠵᠢᠯᠡᠨ ᠡᠵᠡᠩᠨᠡᠬᠦ ᠶᠢ ᠠᠬᠢᠭᠤᠯᠵᠤ᠂ ᠠᠮᠢ ᠠᠬᠤᠶ ᠶᠢᠨ ᠣᠷᠴᠢᠨ | ᠲᠣᠭᠤᠷᠢᠨ ᠤ ᠵᠠᠰᠠᠯᠲᠠ ᠪᠠᠷ ᠬᠤᠯᠪᠣᠭᠳᠠᠬᠤ ᠠᠵᠤ ᠦᠢᠯᠡᠰ ᠤᠨ ᠡᠵᠡᠩᠨᠡᠯᠲᠡ ᠶᠢᠨ ᠠᠰᠢᠭ ᠣᠯᠵᠠᠪᠤᠷᠢ ᠶᠢ | ᠳᠡᠭᠡᠭᠰᠢᠯᠡᠭᠦᠯᠵᠦ᠂ ᠠᠵᠤ ᠦᠢᠯᠡᠰ ᠤᠨ ᠥᠷᠲᠡᠭ ᠤᠨ ᠨᠡᠮᠡᠭᠳᠡᠯ ᠤᠨ ᠠᠰᠢᠭ ᠣᠯᠵᠠᠪᠤᠷᠢ ᠪᠠᠷ ᠠᠮᠢ ᠠᠬᠤᠶ ᠶᠢᠨ | ᠣᠷᠴᠢᠨ ᠲᠣᠭᠤᠷᠢᠨ ᠤ ᠵᠠᠰᠠᠯᠲᠠ ᠶᠢᠨ ᠣᠷᠣᠭᠤᠯᠤᠯᠲᠠ ᠶᠢ ᠳᠡᠮᠵᠢᠵᠦ᠂ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠶᠢᠨ ᠭᠠᠳᠠᠭᠠᠳᠤ ᠠᠵᠤ ᠠᠬᠤᠶ ᠶᠢᠨ ᠴᠢᠨᠠᠷᠲᠠᠶ ᠳᠣᠲᠣᠭᠠᠳᠤᠬᠢ ᠰᠢᠨ᠎ᠡ ᠶᠢ ᠡᠭᠦᠳᠬᠦ ᠴᠢᠨᠠᠷᠲᠠᠶ ᠲᠥᠷᠥᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠷᠭ᠎ᠠ ᠮᠠᠶ᠋ᠢᠭ ᠢ ᠪᠡᠶᠡᠯᠡᠭᠦᠯᠦᠨ᠎ᠡ᠃ | 14᠂ ︽ᠳᠥᠷᠪᠡᠨ ᠬᠠᠮᠤᠭ ᠤᠨ ᠴᠢᠩᠭ᠎ᠠ︾ ᠭᠡᠳᠡᠭ ᠨᠢ ᠢᠳᠡᠭᠡᠨ ᠪᠠ ᠡᠮ ᠤᠨ ᠵᠦᠢᠯ ᠤᠨ ᠠᠶᠤᠯ | ᠦᠭᠡᠶ ᠶᠢᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠣᠳᠣᠯᠭ᠎ᠠ᠂ ᠲᠤᠬᠠᠶᠢᠯᠠᠪᠠᠯ ᠬᠠᠮᠤᠭ ᠤᠨ ᠴᠢᠩᠭ᠎ᠠ | ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠨ ᠲᠣᠷᠭᠠᠬᠤ᠂ | ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠬᠡᠯᠡᠯᠴᠡᠬᠦ ᠶᠢ ᠵᠢᠭᠠᠵᠤ ᠪᠤᠶ᠃ |