【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠰᠠᠶᠢᠬᠤᠰᠦ ᠨᠢᠰᠬᠡᠯ ᠤᠨ ᠪᠠᠭᠤᠳᠠᠯ 2024 ᠣᠨ ᠤ ᠠᠩᠬᠠᠳᠤᠭᠠᠷ ᠰᠠᠷ᠎ᠠ ᠶᠢᠨ ᠠᠶᠠᠨᠴᠢᠳ ᠤᠨ ᠵᠣᠷᠴᠢᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 147.8% ᠨᠡᠮᠡᠭᠳᠡᠪᠡ
ᠨᠡᠶᠢᠲᠡᠯᠡᠭᠰᠡᠨ ᠴᠠᠭ᠄
2024/2/5
   ᠲᠦᠷᠦᠭᠦᠬᠡᠨ᠂ ᠰᠤᠷᠪᠤᠯᠵᠢᠯᠠᠭᠴᠢ ᠰᠠᠶᠢᠬᠤᠰᠦ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 ᠰᠠᠷ᠎ᠠ ᠳᠤ ᠨᠢᠰᠬᠡᠯ ᠤᠨ ᠪᠠᠭᠤᠳᠠᠯ ᠤᠨ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠤᠨ ᠨᠢᠰᠦᠯᠳᠠ ᠶᠢ 408 ᠤᠳᠠᠭ᠎ᠠ᠂ ᠠᠶᠠᠨᠴᠢᠳ ᠤᠨ ᠵᠣᠷᠴᠢᠬᠤ ᠬᠡᠮᠵᠢᠶ᠎ᠡ 24069 ᠬᠥᠮᠦᠨ ᠤᠳᠠᠭ᠎ᠠ᠂ ᠪᠠᠷᠠᠭ᠎ᠠ ᠰᠢᠤᠳᠠᠨ ᠤ ᠳᠡᠭᠡᠭᠡᠪᠣᠷᠢ  ᠶᠢᠨ ᠬᠡᠮᠵᠢᠶ᠎ᠡ 21.6 ᠲᠣᠨ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 59.4%᠂ 147.8%᠂ 4220% ᠨᠡᠮᠡᠭᠳᠡᠪᠡ︔ ᠭᠠᠷᠠᠮ ᠠᠴᠠ ᠭᠠᠷᠬᠤ ᠳᠤᠮᠳᠠᠴᠢ ᠠᠶᠠᠨᠴᠢᠳ ᠤᠨ ᠰᠠᠭᠤᠳᠠᠯ ᠤᠨ ᠨᠣᠷᠮ᠎ᠠ 69.7% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26.7 ᠵᠠᠭᠤᠨ ᠤ ᠴᠡᠭ ᠨᠡᠮᠡᠭᠳᠡᠪᠡ᠃
   ᠣᠶᠢᠷ᠎ᠠ ᠶᠢᠨ ᠡᠳᠦᠷ ᠤᠳ ᠲᠤ᠂ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠤᠭ᠎ᠠ ᠢᠯᠡᠳᠲᠡ ᠨᠡᠮᠡᠭᠳᠡᠨ᠂ ᠠᠶᠠᠨᠴᠢᠳ ᠤᠨ ᠨᠤᠲᠤᠭ ᠲᠠᠭᠠᠨ ᠬᠠᠷᠢᠵᠤ ᠰᠢᠨᠡᠯᠡᠬᠦ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ᠂ ᠵᠤᠭᠠᠴᠠᠨ ᠲᠣᠭᠤᠷᠢᠬᠤ ᠵᠡᠷᠭᠡ ᠭᠠᠳᠠᠭᠰᠢ ᠭᠠᠷᠬᠤ ᠬᠡᠷᠡᠭᠴᠡᠭᠡ ᠦᠳᠲᠡᠷ ᠲᠦᠷᠭᠡᠨ ᠭᠠᠷᠴᠤ ᠪᠠᠶᠢᠨ᠎ᠠ᠃
  ᠠᠶᠠᠨᠴᠢᠳ ᠤᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠳᠣᠯᠠᠳᠠ᠂ ᠰᠠᠶᠢᠬᠤᠰᠦ ᠨᠢᠰᠬᠡᠯ ᠤᠨ ᠪᠠᠭᠤᠳᠠᠯ ᠦᠢᠯᠡᠴᠢᠯᠡᠭᠡᠨ ᠤ ᠶᠠᠪᠤᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠵᠢᠵᠢᠭᠦᠷᠯᠡᠬᠦ ᠬᠦᠴᠦᠨ ᠢᠶᠠᠨ ᠵᠦᠶ ᠵᠣᠬᠢᠰᠲᠠᠶ ᠳᠣᠭᠢᠷᠠᠭᠤᠯᠤᠨ᠂ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ ᠥᠷᠭᠡᠨ ᠣᠯᠠᠨ ᠠᠶᠠᠨᠴᠢᠳ ᠲᠤ ᠠᠮᠤᠷ ᠲᠦᠪᠰᠢᠨ ᠳᠥᠭᠦᠮ ᠳᠥᠲᠡ ᠪᠠᠶᠠᠷ ᠬᠥᠷ ᠲᠠᠢ ᠶᠠᠪᠤᠵᠤ ᠰᠠᠭᠤᠬᠤ ᠣᠶᠢᠯᠠᠭᠠᠯᠲᠠ ᠬᠠᠩᠭᠠᠪᠠ᠃    ᠣᠳᠣᠬᠠᠨ ᠳᠤ᠂ ᠰᠠᠶᠢᠬᠤᠰᠦ ᠨᠢᠰᠬᠡᠯ ᠤᠨ ᠪᠠᠭᠤᠳᠠᠯ 6 ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠦ᠂ 8 ᠬᠤᠲᠠ ᠳᠤ ᠠᠶᠠᠯᠠᠯ ᠨᠡᠪᠲᠡᠷᠡᠭᠦᠯᠵᠦ᠂ ᠣᠷᠣᠨ ᠤ ᠭᠠᠳᠠᠨ᠎ᠠ ᠪᠡᠭᠡᠵᠢᠩ᠂ ᠪᠤᠭᠤᠲᠤ᠂ ᠤᠯᠠᠭᠠᠨᠬᠠᠳᠠ᠂ ᠲᠦᠩᠯᠢᠶᠣᠤ᠂ ᠮᠠᠨᠵᠤᠤᠷ᠂ ᠰᠢᠯᠢᠩᠬᠤᠲᠠ ᠪᠠᠭᠲᠠᠨ᠎ᠠ᠃    ᠳᠠᠷᠠᠭᠠᠴᠢ ᠶᠢᠨ ᠠᠯᠬᠤᠮ ᠳᠤ᠂ ᠰᠠᠶᠢᠬᠤᠰᠦ ᠨᠢᠰᠬᠡᠯ ᠤᠨ ᠪᠠᠭᠤᠳᠠᠯ 2024 ᠣᠨ ᠤ ᠵᠤᠨ ᠨᠠᠮᠤᠷ ᠤᠨ ᠤᠯᠠᠷᠢᠯ ᠤᠨ ᠡᠭᠡᠯᠵᠢ ᠶᠢᠨ ᠨᠢᠰᠬᠡᠯ ᠤᠨ ᠱᠤᠭᠤᠮ ᠢ ᠤᠷᠢᠳᠴᠢᠯᠠᠨ ᠲᠥᠯᠥᠪᠵᠢᠭᠦᠯᠵᠦ᠂ ᠠᠭᠠᠷ ᠤᠨ ᠱᠤᠭᠤᠮ ᠤᠨ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠠᠭᠠᠷ ᠤᠨ ᠠᠶᠠᠯᠠᠯ ᠤᠨ ᠵᠤᠷᠭ᠎ᠠ ᠲᠠᠢ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠠᠳᠠᠯᠢ ᠪᠤᠰᠤ ᠵᠣᠴᠢᠳ ᠤᠨ ᠢᠷᠡᠯᠳᠡ ᠶᠢᠨ ᠬᠡᠷᠡᠭᠴᠡᠭᠡ ᠶᠢ ᠦᠨᠳᠦᠰᠦᠯᠡᠨ᠂ ᠨᠡᠩ ᠤᠯᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠠᠶᠠᠨᠴᠢᠳ ᠤᠨ ᠶᠠᠪᠤᠵᠤ ᠰᠠᠭᠤᠬᠤ ᠳᠤ ᠦᠨᠡᠨᠬᠦ ᠨᠡᠩ ᠤᠯᠠᠨ ᠲᠦᠬᠦᠮ ᠦᠵᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号