ᠤᠯᠠᠭᠠᠨᠴᠠᠪ ᠬᠤᠲᠠ ᠪᠣᠯᠣᠨ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠬᠤᠯᠪᠣᠭᠠᠯᠠᠨ ︽ᠬᠤᠶᠠᠷ ᠭᠠᠵᠠᠷ ᠭᠤᠷᠪᠠᠨ ᠲᠠᠯ᠎ᠠ︾ ᠭᠡᠬᠦ ᠭᠡᠷ᠎ᠡ ᠲᠣᠭᠲᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/5
   2 ᠰᠠᠷ᠎ᠠ ᠶᠢᠨ 3 ᠤ ᠡᠳᠦᠷ᠂ ᠤᠯᠠᠭᠠᠨᠴᠠᠪ ᠬᠤᠲᠠ ᠪᠣᠯᠣᠨ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠬᠤᠯᠪᠣᠭᠠᠯᠠᠨ ︽ᠬᠤᠶᠠᠷ ᠭᠠᠵᠠᠷ ᠭᠤᠷᠪᠠᠨ ᠲᠠᠯ᠎ᠠ︾ ᠶᠢᠨ ᠪᠣᠭᠤᠮᠲᠠ ᠶᠢᠨ ᠳᠣᠲᠣᠷ᠎ᠠ ᠭᠠᠵᠠᠷ ᠢ ᠬᠤᠯᠪᠣᠭᠠᠯᠠᠨ ᠬᠥᠭᠵᠢᠭᠦᠯᠬᠦ ᠭᠡᠷ᠎ᠡ ᠲᠣᠭᠲᠠᠬᠤ ᠰᠠᠭᠤᠳᠠᠯ ᠤᠨ ᠬᠤᠷᠠᠯ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠬᠤᠷᠠᠯᠳᠤᠪᠠ᠃ ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠵᠢᠴᠢ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠳᠣᠶᠢᠮᠦ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃    ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠶ ᠴᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠦᠸᠧ ᠴᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠵᠢᠶᠠ ᠸᠧᠨ ᠽᠦᠩ ᠬᠤᠷᠠᠯ ᠳᠤ ᠣᠷᠣᠯᠴᠠᠵᠠᠶ᠃    ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠪᠣᠯᠤᠨ ᠥᠪᠥᠷ ᠮᠣᠩᠭᠤᠯ ᠤᠨ ᠪᠣᠭᠤᠮᠲᠠ ᠶᠢᠨ ᠠᠵᠤ ᠠᠬᠤᠶ ᠠᠷᠠᠯᠵᠢᠶᠠᠨ ᠤ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠵᠠᠩ ᠪᠠᠢ ᠴᠧᠩ ᠠᠴᠠ᠂ ᠪᠣᠭᠤᠮᠲᠠ ᠶᠢᠨ ᠳᠣᠲᠣᠷ᠎ᠠ ᠭᠠᠵᠠᠷ ᠤᠨ ᠬᠤᠯᠪᠣᠭᠠᠯᠠᠨ ᠬᠥᠭᠵᠢᠬᠦ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ︾ ᠡᠨᠡ ᠬᠦ ᠤᠯᠤᠰ ᠲᠦᠷᠦ ᠶᠢᠨ ᠡᠭᠦᠷᠭᠡ ᠶᠢ ᠪᠡᠶᠡᠯᠡᠭᠦᠯᠬᠦ ᠴᠢᠬᠤᠯᠠ ᠠᠭᠤᠯᠭ᠎ᠠ ᠮᠥᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠮᠣᠩᠭᠤᠯ ᠤᠯᠤᠰ ᠢᠶᠠᠷ ᠠᠶᠢᠯᠴᠢᠯᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠣᠯ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠂ ᠪᠠᠰᠠ ᠴᠤ ᠬᠤᠶᠠᠷ ᠭᠠᠵᠠᠷ ᠭᠤᠷᠪᠠᠨ ᠲᠠᠯ᠎ᠠ ᠶᠢᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠨᠡ ᠨᠢ ᠬᠤᠣᠰ ᠣᠷᠴᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠳᠤ ᠠᠰᠢᠭᠲᠠᠢ ᠶᠤᠮ᠃ ᠤᠢᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠪᠣᠯᠤᠨ ᠡᠷᠢᠶᠡᠨ ᠬᠤᠳᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠨᠢᠭᠲᠠᠷᠠᠵᠤ᠂ ᠪᠣᠭᠤᠮᠲᠠ ᠶᠢᠨ ᠳᠣᠲᠣᠷ᠎ᠠ ᠭᠠᠵᠠᠷ ᠤᠨ ᠬᠤᠯᠪᠣᠭᠠᠯᠠᠨ ᠬᠥᠭᠵᠢᠬᠦ᠂ ᠵᠣᠬᠢᠴᠠᠩᠭᠤᠢ ᠪᠠᠷ ᠬᠥᠭᠵᠢᠬᠦ᠂ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠬᠤ ᠬᠠᠮᠲᠤᠷᠠᠯᠴᠠᠭᠠᠨ ᠤ ᠠᠯᠬᠤᠴᠠ ᠤᠯᠠᠮ ᠠᠴᠠ ᠤᠯᠠᠮ ᠲᠦᠷᠭᠡᠨ ᠪᠣᠯᠪᠠ᠃ ᠮᠠᠨ ᠤ ᠠᠶᠢᠮᠠᠭ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠪᠠᠰᠠ ᠴᠤ ᠨᠡᠭᠡᠭᠡᠯᠲᠡ ᠲᠠᠢ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠪᠣᠳᠠᠲᠠᠶ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠡᠯ᠎ᠡ ᠬᠦᠷᠢᠶᠡᠨ ᠳᠠᠬᠢ ᠦᠨᠡᠨ ᠪᠣᠳᠠᠲᠠᠶ ᠬᠠᠮᠲᠤᠷᠠᠯᠴᠠᠭ᠎ᠠ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ᠂ ᠭᠦᠨ ᠳᠠᠪᠬᠤᠷᠭ᠎ᠠ ᠠᠴᠠ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠭᠡᠯ ᠢ ᠪᠣᠶ ᠪᠣᠯᠭᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠵᠢᠭᠠᠵᠦ ᠭᠠᠷᠭᠠᠪᠠ᠃    ᠰᠦᠶ ᠸᠧᠶ ᠵᠢᠶᠦ᠋ᠨ᠂ ᠣᠶᠢᠷ᠎ᠠ ᠶᠢᠨ ᠵᠢᠯ ᠳᠤ᠂ ᠬᠤᠶᠠᠷ ᠭᠠᠵᠠᠷ ᠭᠤᠷᠪᠠᠨ ᠲᠠᠯ᠎ᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠪᠠ ᠳᠡᠮᠵᠢᠯᠭᠡ ᠳᠣᠤᠷ᠎ᠠ᠂ ᠤᠯᠠᠭᠠᠨᠴᠠᠪ - ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢᠨ ᠳᠣᠲᠣᠷ᠎ᠠ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠶᠡᠬᠡᠪᠡᠷ ᠳᠥᠯᠭᠢᠨ ᠠᠬᠢᠭᠤᠯᠵᠤ᠂ ᠬᠠᠮᠲᠤᠷᠠᠯᠴᠠᠭᠠᠨ ᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠠᠮᠲᠤᠷᠠᠯᠴᠠᠭᠠᠨ ᠤ ᠬᠦᠷᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠬᠠᠮᠲᠤᠷᠠᠯᠴᠠᠭᠠᠨ ᠤ ᠲᠠᠪᠴᠠᠩ ᠢ ᠲᠠᠰᠤᠷᠠᠯᠲᠠ ᠥᠬᠡᠶ ᠪᠠᠬᠢᠵᠢᠭᠦᠯᠪᠡ᠃ ᠤᠯᠠᠭᠠᠨᠴᠠᠪ ᠬᠤᠲᠠ ᠰᠢᠯᠢ ᠶᠢᠨ ᠭᠤᠤᠯ ᠠᠶᠢᠮᠠᠭ ᠵᠢᠴᠢ ᠡᠷᠢᠶᠡᠨ ᠬᠤᠲᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠪᠣᠯᠭᠠᠵᠤ᠂ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠡᠮᠦᠷ ᠵᠠᠮ᠂ ᠬᠥᠮᠥᠷᠭᠡᠯᠡᠨ ᠬᠠᠳᠠᠭᠠᠯᠠᠬᠤ ᠵᠢᠴᠢ ᠭᠠᠶᠢᠯᠢ ᠪᠠᠲᠤᠯᠠᠬᠤ ᠴᠢᠳᠠᠮᠵᠢ ᠶᠢ ᠬᠦᠢᠴᠡᠳ ᠪᠠᠳᠠᠷᠠᠭᠤᠯᠤᠨ᠂ ᠣᠷᠣᠨ ᠪᠦᠰᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ︽ᠲᠥᠯᠥᠪᠵᠢᠭᠦᠯᠭᠡ ᠶᠢᠨ ᠡᠬᠢᠯᠡᠯᠲᠡ︾ ᠠᠴᠠ ︽ᠪᠥᠬᠦ ᠲᠠᠯ᠎ᠠ ᠪᠠᠷ ᠡᠬᠢᠯᠡᠭᠦᠯᠬᠦ︾ ᠲᠡᠶᠢᠰᠢ ᠴᠣ᠋ ᠰᠢᠨ᠎ᠡ ᠬᠠᠭᠤᠳᠠᠰᠤ ᠶᠢ ᠴᠢᠷᠮᠠᠶᠢᠨ ᠨᠡᠭᠡᠭᠡᠨ᠎ᠡ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠠᠰᠠ ᠤᠯᠠᠭᠠᠨᠴᠠᠪ ᠬᠤᠳᠠ ᠶᠢᠨ ᠳᠣᠯᠣᠳᠤᠭᠠᠷ ᠰᠤᠮᠤ ᠶᠢᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠨ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠡᠵᠡᠩᠨᠡᠯᠲᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号