| | ᠲᠦᠷᠦᠭᠦᠬᠡᠨ᠂ ᠰᠤᠷᠪᠤᠯᠵᠢᠯᠠᠭᠴᠢ ᠰᠠᠶᠢᠬᠤᠰᠦ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ ᠡᠨᠡ | ᠵᠢᠯ ᠤᠨ 1 ᠰᠠᠷ᠎ᠠ ᠳᠤ ᠨᠢᠰᠬᠡᠯ ᠤᠨ ᠪᠠᠭᠤᠳᠠᠯ ᠤᠨ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠤᠨ ᠨᠢᠰᠦᠯᠳᠠ ᠶᠢ 408 | ᠤᠳᠠᠭ᠎ᠠ᠂ ᠠᠶᠠᠨᠴᠢᠳ ᠤᠨ ᠵᠣᠷᠴᠢᠬᠤ ᠬᠡᠮᠵᠢᠶ᠎ᠡ 24069 ᠬᠥᠮᠦᠨ ᠤᠳᠠᠭ᠎ᠠ᠂ ᠪᠠᠷᠠᠭ᠎ᠠ ᠰᠢᠤᠳᠠᠨ ᠤ ᠳᠡᠭᠡᠭᠡᠪᠣᠷᠢ | ᠶᠢᠨ ᠬᠡᠮᠵᠢᠶ᠎ᠡ 21.6 ᠲᠣᠨ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 59.4%᠂ 147. | 8%᠂ 4220% ᠨᠡᠮᠡᠭᠳᠡᠪᠡ︔ ᠭᠠᠷᠠᠮ ᠠᠴᠠ ᠭᠠᠷᠬᠤ ᠳᠤᠮᠳᠠᠴᠢ ᠠᠶᠠᠨᠴᠢᠳ ᠤᠨ ᠰᠠᠭᠤᠳᠠᠯ ᠤᠨ ᠨᠣᠷᠮ᠎ᠠ 69. | 7% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26.7 ᠵᠠᠭᠤᠨ ᠤ ᠴᠡᠭ ᠨᠡᠮᠡᠭᠳᠡᠪᠡ᠃ | ᠣᠶᠢᠷ᠎ᠠ ᠶᠢᠨ ᠡᠳᠦᠷ ᠤᠳ ᠲᠤ᠂ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠤᠭ᠎ᠠ ᠢᠯᠡᠳᠲᠡ ᠨᠡᠮᠡᠭᠳᠡᠨ᠂ | ᠠᠶᠠᠨᠴᠢᠳ ᠤᠨ ᠨᠤᠲᠤᠭ ᠲᠠᠭᠠᠨ ᠬᠠᠷᠢᠵᠤ ᠰᠢᠨᠡᠯᠡᠬᠦ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ᠂ | ᠵᠤᠭᠠᠴᠠᠨ ᠲᠣᠭᠤᠷᠢᠬᠤ ᠵᠡᠷᠭᠡ ᠭᠠᠳᠠᠭᠰᠢ ᠭᠠᠷᠬᠤ ᠬᠡᠷᠡᠭᠴᠡᠭᠡ ᠦᠳᠲᠡᠷ ᠲᠦᠷᠭᠡᠨ ᠭᠠᠷᠴᠤ ᠪᠠᠶᠢᠨ᠎ᠠ᠃ | ᠠᠶᠠᠨᠴᠢᠳ ᠤᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠳᠣᠯᠠᠳᠠ᠂ ᠰᠠᠶᠢᠬᠤᠰᠦ | ᠨᠢᠰᠬᠡᠯ ᠤᠨ ᠪᠠᠭᠤᠳᠠᠯ ᠦᠢᠯᠡᠴᠢᠯᠡᠭᠡᠨ ᠤ ᠶᠠᠪᠤᠴᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠵᠢᠵᠢᠭᠦᠷᠯᠡᠬᠦ | ᠬᠦᠴᠦᠨ ᠢᠶᠠᠨ ᠵᠦᠶ ᠵᠣᠬᠢᠰᠲᠠᠶ ᠳᠣᠭᠢᠷᠠᠭᠤᠯᠤᠨ᠂ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ | ᠥᠷᠭᠡᠨ ᠣᠯᠠᠨ ᠠᠶᠠᠨᠴᠢᠳ ᠲᠤ ᠠᠮᠤᠷ ᠲᠦᠪᠰᠢᠨ ᠳᠥᠭᠦᠮ ᠳᠥᠲᠡ ᠪᠠᠶᠠᠷ ᠬᠥᠷ ᠲᠠᠢ ᠶᠠᠪᠤᠵᠤ ᠰᠠᠭᠤᠬᠤ | ᠣᠶᠢᠯᠠᠭᠠᠯᠲᠠ ᠬᠠᠩᠭᠠᠪᠠ᠃ | ᠣᠳᠣᠬᠠᠨ ᠳᠤ᠂ ᠰᠠᠶᠢᠬᠤᠰᠦ ᠨᠢᠰᠬᠡᠯ ᠤᠨ ᠪᠠᠭᠤᠳᠠᠯ 6 ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠵᠦ᠂ | 8 ᠬᠤᠲᠠ ᠳᠤ ᠠᠶᠠᠯᠠᠯ ᠨᠡᠪᠲᠡᠷᠡᠭᠦᠯᠵᠦ᠂ ᠣᠷᠣᠨ ᠤ ᠭᠠᠳᠠᠨ᠎ᠠ ᠪᠡᠭᠡᠵᠢᠩ᠂ ᠪᠤᠭᠤᠲᠤ᠂ ᠤᠯᠠᠭᠠᠨᠬᠠᠳᠠ᠂ | ᠲᠦᠩᠯᠢᠶᠣᠤ᠂ ᠮᠠᠨᠵᠤᠤᠷ᠂ ᠰᠢᠯᠢᠩᠬᠤᠲᠠ ᠪᠠᠭᠲᠠᠨ᠎ᠠ᠃ | ᠳᠠᠷᠠᠭᠠᠴᠢ ᠶᠢᠨ ᠠᠯᠬᠤᠮ ᠳᠤ᠂ ᠰᠠᠶᠢᠬᠤᠰᠦ ᠨᠢᠰᠬᠡᠯ ᠤᠨ ᠪᠠᠭᠤᠳᠠᠯ 2024 ᠣᠨ ᠤ ᠵᠤᠨ ᠨᠠᠮᠤᠷ ᠤᠨ | ᠤᠯᠠᠷᠢᠯ ᠤᠨ ᠡᠭᠡᠯᠵᠢ ᠶᠢᠨ ᠨᠢᠰᠬᠡᠯ ᠤᠨ ᠱᠤᠭᠤᠮ ᠢ ᠤᠷᠢᠳᠴᠢᠯᠠᠨ ᠲᠥᠯᠥᠪᠵᠢᠭᠦᠯᠵᠦ᠂ ᠠᠭᠠᠷ ᠤᠨ ᠱᠤᠭᠤᠮ ᠤᠨ | ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠠᠭᠠᠷ ᠤᠨ ᠠᠶᠠᠯᠠᠯ ᠤᠨ ᠵᠤᠷᠭ᠎ᠠ ᠲᠠᠢ | ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠵᠤ᠂ ᠠᠳᠠᠯᠢ ᠪᠤᠰᠤ ᠵᠣᠴᠢᠳ ᠤᠨ ᠢᠷᠡᠯᠳᠡ ᠶᠢᠨ ᠬᠡᠷᠡᠭᠴᠡᠭᠡ ᠶᠢ | ᠦᠨᠳᠦᠰᠦᠯᠡᠨ᠂ ᠨᠡᠩ ᠤᠯᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠠᠶᠠᠨᠴᠢᠳ ᠤᠨ | ᠶᠠᠪᠤᠵᠤ ᠰᠠᠭᠤᠬᠤ ᠳᠤ ᠦᠨᠡᠨᠬᠦ ᠨᠡᠩ ᠤᠯᠠᠨ ᠲᠦᠬᠦᠮ ᠦᠵᠡᠭᠦᠯᠦᠨ᠎ᠡ᠃ |