| ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ ᠶᠡᠭᠡ ᠬᠡᠮᠵᠢᠶᠡᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠨᠢ ᠡᠷᠢᠶᠡᠨ ᠪᠣᠭᠤᠮᠲᠠ ᠳᠤ ᠲᠥᠪᠯᠡᠷᠡᠵᠦ᠂ ᠪᠠᠷᠠᠭ᠎ᠠ ᠲᠡᠭᠡᠭᠡᠪᠦᠷᠢᠯᠡᠬᠦ | ᠲᠡᠷᠭᠡ ᠪᠣᠯᠤᠨ ᠵᠢᠰᠢᠶᠠᠨ ᠤ ᠭᠠᠯᠲᠤ ᠲᠡᠷᠭᠡ ᠰᠦᠯᠵᠢᠯᠳᠦᠵᠦ᠂ ᠶᠠᠭᠠᠷᠠᠯᠲᠠᠢ ᠪᠠᠶᠢᠳᠠᠯ ᠢᠯᠡᠷᠡᠪᠡ᠃ | | | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠠᠴᠠ ᠦᠵᠡᠪᠡᠯ᠂ 2024 | ᠣᠨ ᠤ ᠠᠩᠬᠠᠨ ᠤ ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 170 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 12.6% ᠪᠠᠷ ᠨᠡᠮᠡᠭᠳᠡᠵᠦ᠂ 1 ᠰᠠᠷ᠎ᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠲᠡᠤᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ ᠡᠭᠦᠨ ᠳᠤ᠂ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 145.5 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.9% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 24.5 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 199.9% ᠪᠠᠷ ᠨᠡᠮᠡᠭᠳᠡᠪᠡ᠃ | ᠡᠨᠡ ᠵᠢᠯ ᠠᠴᠠ ᠨᠠᠰᠢ᠂ ᠪᠣᠭᠤᠮᠲᠠ ᠶᠢᠨ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ︽ | ᠭᠤᠭᠴᠤᠭ᠎ᠠ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ | ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠴᠡ ᠶᠢᠨ ᠲᠣᠭᠤᠷᠢᠨ ᠳᠤ᠂ ᠡᠷᠲᠡ ᠠᠴᠠ ᠠᠷᠭ᠎ᠠ | ᠰᠦᠪᠡᠭᠴᠢᠯᠡᠬᠦ ᠶᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠬᠦᠴᠦ ᠪᠠᠨ ᠬᠠᠮᠲᠤᠳᠬᠠᠨ | ᠬᠠᠮᠵᠢᠯᠴᠠᠵᠤ᠂ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ᠳᠠᠯᠳᠠ ᠬᠦᠴᠦᠨ ᠢ ᠪᠠᠳᠠᠷᠠᠭᠤᠯᠵᠤ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ᠂ | ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠵᠡᠷᠭᠡ | ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠶᠢ ︽ᠶᠡᠭᠡ ᠪᠠᠷ ᠣᠷᠣᠭᠤᠯᠵᠤ ᠶᠡᠭᠡ ᠪᠠᠷ ᠭᠠᠷᠭᠠᠵᠤ᠂ | ᠲᠦᠷᠭᠡᠨ ᠣᠷᠣᠭᠤᠯᠵᠤ ᠲᠦᠷᠭᠡᠨ ᠭᠠᠷᠭᠠᠬᠤ︾ ᠶᠢ ᠠᠬᠢᠭᠤᠯᠪᠠ᠃ |