ᠪᠥᠬᠦ ᠬᠤᠲᠠ ᠶᠢᠨ ᠬᠢᠯᠢ ᠶᠢᠨ ᠪᠠᠶᠢᠴᠠᠭᠠᠯᠲᠠ᠂ ᠪᠣᠭᠤᠮᠲᠠ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ 2024 ᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/7
   2 ᠰᠠᠷ᠎ᠠ ᠶᠢᠨ 6 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ ᠨᠢᠭᠡ ᠡᠳᠦᠷ ᠤᠨ ᠴᠠᠭ ᠢ ᠠᠰᠢᠭᠯᠠᠨ᠂ ᠲᠣᠰ ᠲᠣᠰ ᠪᠥᠬᠦ ᠬᠤᠲᠠ ᠶᠢᠨ ᠬᠢᠯᠢ ᠶᠢᠨ ᠪᠠᠶᠢᠴᠠᠭᠠᠯᠲᠠ᠂ ᠪᠣᠭᠤᠮᠲᠠ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ 2024 ᠣᠨ ᠤ ᠠᠵᠢᠯ ᠤᠨ ᠬᠤᠷᠠᠯ ᠳᠤ ᠣᠷᠣᠯᠴᠠᠵᠤ᠂ ᠪᠥᠬᠦ ᠬᠤᠲᠠ ᠶᠢᠨ ᠬᠤᠲᠠ ᠳᠤ ᠰᠠᠭᠤᠭ᠎ᠠ ᠡᠯ᠎ᠡ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠢᠶᠡᠨ ᠪᠣᠭᠤᠮᠲᠠ ᠶᠢᠨ ᠬᠥᠭᠵᠢᠯᠲᠡ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ᠂ ᠸᠠᠩ ᠰᠠᠨ ᠱᠢ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠲᠥᠯᠥᠭᠡᠯᠡᠨ ᠬᠤᠳᠠ ᠳᠤ ᠰᠠᠭᠤᠭ᠎ᠠ ᠥᠷᠭᠡᠨ ᠤᠯᠠᠨ ᠰᠠᠯᠠᠭ᠎ᠠ ᠮᠥᠴᠢᠷ ᠤᠨ ᠺᠠᠳ᠋ᠷ ᠠᠵᠢᠯᠳᠠᠨ ᠤ ᠡᠷᠢᠶᠡᠨ ᠪᠣᠭᠤᠮᠲᠠ ᠶᠢᠨ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠷᠲᠤ ᠬᠤᠭᠤᠴᠠᠭᠠᠨ ᠤ ᠲᠤᠷᠰᠢ ᠬᠢᠯᠢ ᠶᠢᠨ ᠪᠠᠶᠢᠴᠠᠭᠠᠯᠲᠠ᠂ ᠪᠣᠭᠤᠮᠲᠠ᠂ ᠭᠠᠶᠢᠯᠢ ᠶᠢᠨ ᠶᠠᠪᠤᠳᠠᠯ ᠵᠡᠷᠭᠡ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶ᠋ᠴᠡᠳᠬᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠡᠭᠡ ᠬᠡᠮᠵᠢᠶᠡᠨ ᠤ ᠰᠢᠷᠭᠠᠭᠤ ᠬᠠᠲᠠᠭᠤᠵᠢᠯᠲᠠᠶ ᠬᠤᠪᠢ ᠨᠡᠮᠡᠷᠢ ᠦᠵᠡᠭᠦᠯᠵᠡᠶ᠃    ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠸᠠᠩ ᠰᠠᠨ ᠱᠢ ᠬᠦᠰᠡᠯ ᠳᠤᠷᠠᠳᠴᠤ᠂ ᠪᠦᠬᠦ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠶᠢᠨ ᠬᠤᠳᠠ ᠶᠢ ᠪᠦᠳᠦᠭᠡᠨ ᠪᠠᠶᠢᠭᠤᠯᠬᠤ ᠡᠨᠡᠬᠦ ᠠᠤᠭ᠎ᠠ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠪᠠ ᠬᠠᠯᠠᠭᠤᠮᠰᠤᠭ ᠢᠶᠠᠷ ᠦᠢᠯᠡᠴᠢᠯᠡᠬᠦ ᠶᠢ ᠬᠠᠷᠢᠯᠴᠠᠨ ᠨᠢᠭᠡᠳᠬᠡᠵᠦ᠂ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠪᠣᠭᠤᠮᠲᠠ ᠶᠢᠨ ᠨᠡᠭᠡᠭᠡᠯᠳᠡ ᠶᠢᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠬᠦ ᠬᠡᠷᠡᠭᠲᠡᠢ᠃ ︽ᠡᠳ᠋ ᠤᠨ ᠵᠠᠰᠠᠭ ᠤᠨ ᠢᠷᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠣᠨ︾ ᠤ ᠲᠣᠭᠤᠷᠢᠨ ᠳᠤ᠂ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠭᠠᠶᠢᠯᠢ ᠶᠢᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠦᠢᠯᠡᠴᠢᠯᠡᠭᠡ ᠶᠢ ᠨᠢᠭᠡᠳᠦᠯᠲᠡᠶ ᠲᠥᠯᠥᠪᠵᠢᠭᠦᠯᠬᠦ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠳᠥᠭᠦᠮ ᠳᠥᠲᠡ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠣᠭᠤᠮᠲᠠ ᠶᠢᠨ ᠡᠳ᠋ ᠤᠨ ᠵᠠᠰᠠᠭ ᠤᠨ ᠢᠷᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠡᠳ᠋ ᠤᠨ ᠬᠦᠴᠦᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠬᠤ ᠶᠢ ᠪᠡᠶᠡᠯᠡᠭᠦᠯᠦᠨ᠎ᠡ᠃    ᠸᠠᠩ ᠰᠠᠨ ᠱᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠰᠢᠭᠤᠳ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠢ ᠬᠠᠯᠠᠮᠵᠢᠯᠠᠨ ᠳᠡᠮᠵᠢᠵᠦ᠂ ᠥᠷᠭᠡᠨ ᠤᠯᠠᠨ ᠺᠠᠳ᠋ᠷ ᠠᠵᠢᠯᠳᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠬᠤᠯᠠ ᠪᠦᠬᠦᠢ ᠵᠥᠭᠡᠯᠡᠨ ᠬᠠᠲᠠᠭᠤ ᠬᠡᠷᠡᠭᠰᠡᠯ ᠤᠨ ᠨᠥᠬᠦᠴᠡᠯ ᠢ ᠡᠭᠦᠳᠴᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠤᠯᠠᠨ ᠤ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠢ ᠡᠷᠢᠶᠡᠨ ᠳᠤ ᠠᠵᠢᠯᠯᠠᠭᠤᠯᠬᠤ ᠳᠤ ᠰᠠᠨᠠᠭ᠎ᠠ ᠠᠮᠤᠷ᠂ ᠠᠮᠢᠳᠤᠷᠠᠯ ᠤᠨ ᠲᠠᠭᠠᠯᠠᠮᠵᠢᠲᠠᠢ ᠪᠣᠯᠭᠠᠨ᠎ᠠ ᠭᠡᠵᠦ ᠴᠢᠬᠤᠯᠠᠴᠢᠯᠠᠪᠠ᠃    ᠬᠤᠲᠠ ᠶᠢᠨ ᠤᠳᠤᠷᠢᠳᠤᠯᠭ᠎ᠠ ᠵᠠᠩ ᠶᠢᠩ ᠵᠢᠶᠧ᠂ ᠵᠠᠩ ᠯᠢ ᠴᠧᠩ ᠪᠠᠷ᠎ᠠ ᠪᠣᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号