ᠮᠠᠨ ᠤ ᠬᠤᠲᠠ 2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠶᠢ ᠬᠢᠨᠠᠨ ᠵᠥᠪᠰᠢᠶᠡᠷᠡᠵᠦ ᠴᠡᠷᠢᠭ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
  3 ᠰᠠᠷ᠎ᠠ ᠶᠢᠨ 8 ᠤ ᠡᠳᠦᠷ᠂ ᠮᠠᠨ ᠤ ᠬᠤᠲᠠ 2024 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠶᠢ ᠬᠢᠨᠠᠨ ᠵᠥᠪᠰᠢᠶᠡᠷᠡᠵᠦ ᠴᠡᠷᠢᠭ ᠲᠣᠭᠲᠠᠭᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠮᠥᠸᠧ ᠬᠤᠩ ᠵᠢᠶᠦ᠋ᠨ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠷᠠᠯ ᠳᠤ ᠣᠷᠣᠯᠴᠠᠪᠠ᠃    ᠬᠤᠷᠠᠯ ᠠᠴᠠ ᠠᠷᠢᠭᠤᠨ ᠴᠢᠬᠡᠴᠢ ᠪᠠᠷ ᠴᠡᠷᠢᠭ ᠡᠯᠰᠡᠬᠦ ᠬᠤᠯᠪᠣᠭᠳᠠᠯ ᠪᠦᠬᠦᠢ ᠲᠣᠭᠲᠠᠭᠠᠯ ᠢ ᠵᠣᠬᠢᠶᠠᠨ ᠪᠠᠶᠢᠭᠤᠯᠤᠨ ᠰᠤᠷᠤᠯᠴᠠᠵᠤ᠂ 2024 ᠣᠨ ᠤ ᠮᠠᠨ ᠤ ᠬᠤᠲᠠ ᠶᠢᠨ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠯᠲᠠ᠂ ᠰᠤᠷᠤᠯᠭ᠎ᠠ ᠶᠢᠨ ᠨᠠᠮᠲᠠᠷ ᠵᠢᠴᠢ ᠬᠠᠮᠢᠶ᠎ᠠ ᠪᠦᠬᠦᠢ ᠮᠡᠷᠭᠡᠵᠢᠯ ᠴᠢᠳᠠᠪᠤᠷᠢ ︵ᠬᠢᠷᠢ ᠬᠡᠮ︶ ᠶᠢ ᠬᠢᠨᠠᠨ ᠪᠠᠶᠢᠴᠠᠭᠠᠭᠰᠠᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠷᠢᠳᠴᠢᠯᠠᠨ ᠲᠣᠭᠲᠠᠭᠠᠭᠰᠠᠨ ᠴᠡᠷᠢᠭ ᠤᠨ ᠨᠡᠷᠡᠰ ᠵᠢᠴᠢ ᠳᠠᠷᠠᠭᠠᠯᠠᠨ ᠨᠥᠬᠦᠪᠥᠷᠢᠯᠡᠬᠦ ᠡᠲᠡᠭᠡᠳ ᠤᠨ ᠨᠡᠷᠡᠰ ᠢ ᠪᠠᠲᠤᠯᠠᠪᠠ᠃    ᠬᠤᠷᠠᠯ ᠠᠴᠠ᠂ ᠴᠡᠷᠢᠭ ᠢ ᠲᠣᠭᠲᠠᠭᠠᠬᠤ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ ᠴᠡᠷᠢᠭ ᠢ ᠬᠦᠷᠭᠡᠬᠦ ᠪᠠ ᠲᠤᠰᠢᠶᠠᠬᠤ ᠪᠠ ᠬᠦᠯᠢᠶᠡᠨ ᠠᠪᠬᠤ ᠱᠠᠲᠤᠨ ᠳᠤ ᠣᠷᠣᠵᠤ᠂ ᠴᠡᠷᠢᠭ ᠢ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠡᠷᠢᠭ ᠤᠨ ᠠᠯᠪᠠᠨ ᠠᠴᠠ ᠡᠮᠦᠨᠡᠬᠢ ᠬᠥᠮᠦᠵᠢᠯ ᠪᠣᠯᠪᠠᠰᠤᠷᠠᠯ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ᠂ ᠰᠢᠨ᠎ᠡ ᠴᠡᠷᠢᠭ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠲᠤᠰᠢᠶᠠᠬᠤ ᠪᠠ ᠬᠦᠯᠢᠶᠡᠨ ᠠᠪᠴᠤ ᠬᠦᠷᠭᠡᠬᠦ ᠠᠵᠢᠯ ᠢ ᠰᠠᠶᠢᠲᠤᠷ ᠬᠢᠵᠦ᠂ ᠴᠡᠷᠢᠭ ᠢ ᠴᠠᠭ ᠲᠤᠬᠠᠢ ᠳᠤᠨᠢ᠂ ᠠᠮᠤᠷ ᠲᠦᠪᠰᠢᠨ ᠪᠠ ᠴᠡᠷᠢᠭ ᠠᠩᠬᠢ ᠲᠠᠢ ᠲᠤᠰᠢᠶᠠᠬᠤ ᠪᠠ ᠬᠦᠯᠢᠶᠡᠨ ᠠᠪᠬᠤ ᠶᠢ ᠪᠠᠲᠤᠯᠠᠬᠤ ᠶᠢᠨ ᠬᠠᠮᠲᠤ ᠮᠥᠷᠳᠡᠨ ᠰᠤᠷᠪᠤᠯᠵᠢᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠰᠢᠨ᠎ᠡ ᠴᠡᠷᠢᠭ ᠤᠨ ᠦᠵᠡᠯ ᠰᠠᠨᠠᠭᠠᠨ ᠤ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠦ᠂ ︽ᠢᠷᠠᠭᠤ ᠠᠯᠳᠠᠷᠲᠤ ᠬᠡᠷ ᠪᠦᠯᠢ︾ ᠫᠠᠶᠢᠰᠠ ᠡᠯᠭᠦᠬᠦ ᠶᠢᠨ ᠬᠠᠮᠲᠤ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠴᠡᠷᠢᠭ ᠡᠯᠰᠡᠬᠦ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号