【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ 1.5 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/3/12
   3 ᠰᠠᠷ᠎ᠠ ᠶᠢᠨ 9 ᠤ ᠡᠳᠦᠷ᠂ ᠴᠢᠩᠭᠡᠯᠢᠭ ᠢ ᠳᠦᠭᠦᠷᠲᠡᠯ᠎ᠡ ᠲᠡᠭᠡᠭᠡᠭᠰᠡᠨ 55 ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ  ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠠᠴᠠ ᠮᠣᠷᠳᠠᠪᠠ᠃        ᠢᠩᠭᠢᠭᠰᠡᠨ ᠢᠶᠠᠷ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ 1.5 ᠲᠦᠮᠡ ᠶᠢ ᠳᠠᠪᠠᠪᠠ᠃    ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ ᠨᠠᠰᠢ᠂ ᠨᠡᠪᠲᠡᠷᠡᠬᠦ ᠵᠠᠮ ᠱᠤᠭᠤᠮ ᠨᠢ 2013 ᠣᠨ ᠳᠤ ᠠᠩᠬ᠎ᠠ ᠨᠡᠭᠡᠭᠡᠭᠰᠡᠨ 2 ᠵᠤᠷᠪᠤᠰ ᠨᠢ 70 ᠵᠦᠢᠯ ᠪᠣᠯᠵᠤ᠂ ᠭᠧᠷᠮᠠᠨ᠂ ᠫᠤᠯᠠᠨᠳ᠋᠂ ᠣᠷᠣᠰ᠂ ᠪᠧᠯᠤᠷᠦ᠋ᠰᠢᠶ᠎ᠠ ᠶᠢᠨ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠳᠤ ᠨᠡᠪᠲᠡᠷᠡᠵᠦ᠂ ᠤᠯᠤᠰ ᠤᠨ ᠳᠣᠲᠣᠭᠠᠳᠤ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠩᠬ᠎ᠠ ᠲᠠᠷᠬᠠᠭᠠᠬᠤ ᠶᠡᠬᠡᠩᠬᠢ ᠬᠤᠳᠠ ᠳᠤ ᠬᠤᠯᠪᠣᠭᠳᠠᠵᠠᠢ᠃ ᠲᠢᠶᠠᠨᠵᠢᠨ᠂ ᠠᠨᠾᠦ᠋ᠢ᠂ ᠬᠤᠨᠠᠨ᠂ ᠰᠧᠴᠤᠸᠠᠨ ᠵᠡᠷᠭᠡ 10 ᠭᠠᠷᠤᠶ ᠮᠤᠵᠢ ᠣᠷᠣᠨ ᠬᠤᠲᠠ ᠶᠢᠨ ᠪᠠᠷᠠᠭᠠᠨ ᠤ ᠢᠷᠡᠯᠲᠡ ᠶᠢ ᠲᠥᠪᠯᠡᠷᠡᠭᠦᠯᠦᠨ᠂ ᠬᠠᠮᠤᠭ ᠤᠨ ᠠᠩᠬᠠᠨ ᠤ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠬᠤᠪᠴᠠᠰᠤ ᠬᠤᠨᠠᠷ ᠱᠠᠬᠠᠶ ᠮᠠᠯᠠᠭᠠᠶ ᠪᠠᠷ ᠭᠤᠣᠯ ᠪᠣᠯᠭᠠᠵᠤ᠂ ᠤᠯᠤᠰ ᠤᠨ ᠦᠢᠯᠡᠳᠪᠦᠷᠢᠯᠡᠭᠰᠡᠨ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠢᠶᠠᠷ ᠭᠤᠣᠯ ᠪᠣᠯᠭᠠᠵᠤ᠂ ᠨᠡᠩ ᠣᠯᠠᠨ ︽ᠳᠤᠮᠳᠠᠳᠤ ᠤᠯᠤᠰ ᠤᠨ ᠦᠢᠯᠡᠳᠬᠡᠯ︾᠂ ︽ᠪᠣᠯᠣᠳ ᠲᠡᠮᠦᠷ ᠤᠨ ᠲᠡᠮᠡᠭᠡᠨ ᠵᠢᠩ︾ ᠭᠡᠬᠦ ᠮᠡᠳᠦ ᠲᠠᠰᠤᠷᠠᠯᠲᠠ ᠦᠭᠡᠢ ᠣᠯᠠᠨ ᠤᠯᠤᠰ ᠤᠨ ᠵᠠᠬ᠎ᠠ ᠳᠡᠯᠭᠡᠭᠦᠷ ᠵᠦᠭ ᠤᠷᠤᠭᠰᠢᠯᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号