| | ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠳᠭᠠᠵᠤ᠂ ᠵᠣᠬᠢᠰᠲᠠᠢ ᠠᠷᠪᠢᠯᠠᠨ ᠭᠠᠮᠨᠠᠬᠤ᠂ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠦᠭᠴᠢᠲᠦ ᠠᠮᠢᠳᠤᠷᠠᠯ ᠤᠨ ᠠᠷᠭ᠎ᠠ ᠮᠠᠶᠢᠭ ᠢ ᠰᠠᠨᠠᠭᠠᠴᠢᠯᠠᠬᠤ ᠶᠢᠨ ᠳᠣᠯᠠᠳᠠ | ᠂ ᠣᠶᠢᠷ᠎ᠠ ᠶᠢᠨ ᠡᠳᠦᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠦᠯᠢᠶᠣᠣ ᠪᠣᠬᠢᠷᠲᠤᠯ ᠢ | ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | ᠮᠠᠨ ᠤ ᠤᠯᠤᠰ ᠪᠣᠯ ᠰᠦᠯᠢᠶᠣᠣ ᠤᠭᠤᠲᠠ ᠶᠢᠨ ᠬᠡᠷᠡᠭᠯᠡᠭᠡᠨ ᠤ ᠲᠣᠮᠣ ᠤᠯᠤᠰ ᠪᠣᠯᠤᠨ᠎ᠠ᠂ ᠵᠢᠯ ᠪᠦᠷᠢ ᠶᠢᠨ | ᠬᠡᠷᠡᠭᠯᠡᠭᠡᠨ ᠤ ᠬᠡᠮᠵᠢᠶ᠎ᠡ ᠪᠠᠷᠤᠭ 1600 ᠲᠦᠮᠡᠨ ᠲᠣᠨ ᠪᠠᠶᠢᠵᠤ᠂ ᠰᠦᠯᠢᠶᠣᠣ ᠬᠠᠶᠠᠭᠳᠠᠮᠠᠯ ᠬᠡᠮᠵᠢᠶ᠎ᠡ 1000 | ᠭᠠᠷᠤᠶ ᠲᠦᠮᠡᠨ ᠲᠣᠨ ᠳᠤ ᠬᠦᠷᠴᠦ᠂ ᠴᠠᠭᠠᠨ ᠤ ᠪᠣᠬᠢᠷᠲᠤᠯ ᠢ ᠥᠴᠦᠬᠡᠨ ᠴᠦ ᠤᠳᠠᠭᠠᠰᠢᠷᠠᠭᠤᠯᠵᠤ ᠪᠣᠯᠬᠤ ᠥᠬᠡᠶ᠃ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠡᠶᠢᠲᠡ 500 ᠳᠠᠷᠪᠠᠭᠤᠯᠲᠤ ᠪᠦᠰ ᠳᠠᠷᠤᠮᠠᠯᠯᠠᠨ ᠦᠢᠯᠡᠳᠴᠦ᠂ | ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠲᠠᠷᠬᠠᠭᠠᠬᠤ ᠶᠢᠨ | ᠬᠠᠮᠲᠤ ᠴᠠᠭᠠᠨ ᠪᠣᠬᠢᠷᠲᠤᠯ ᠤᠨ ᠠᠮᠢ ᠠᠬᠤᠶ ᠣᠷᠴᠢᠨ ᠲᠣᠭᠤᠷᠢᠨ ᠢ ᠡᠪᠳᠡᠬᠦ ᠵᠢᠴᠢ ᠨᠥᠯᠥᠭᠡᠯᠡᠬᠦ ᠪᠠᠶᠢᠳᠠᠯ ᠢ | ᠲᠤᠰᠬᠠᠶ ᠮᠡᠷᠭᠡᠵᠢᠯᠲᠡᠨ ᠢ ᠤᠷᠢᠵᠤ ᠤᠬᠠᠭᠤᠯᠤᠨ ᠲᠠᠶᠢᠯᠪᠤᠷᠢᠯᠠᠭᠤᠯᠪᠠ᠃ ᠠᠵᠢᠯᠯᠠᠭ᠎ᠠ ᠳᠤ ᠣᠷᠣᠯᠴᠠᠭᠰᠠᠨ ᠬᠥᠮᠦᠰ | ᠴᠢᠩᠭ᠎ᠠ ᠲᠤᠰᠬᠠᠯ ᠭᠠᠷᠴᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ | ᠠᠷᠭ᠎ᠠ ᠬᠡᠯᠪᠡᠷᠢ ᠶᠢ ᠦᠢᠯᠡᠳᠦᠯᠭᠡᠵᠢᠭᠦᠯᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠠᠴᠠ ᠭᠠᠷᠳᠠᠨ᠂ | ᠪᠢᠳᠡᠨ ᠤ ᠣᠷᠣᠰᠢᠨ ᠠᠮᠢᠳᠤᠷᠠᠵᠤ ᠪᠠᠶᠢᠭ᠎ᠠ ᠭᠡᠷ ᠣᠷᠣᠨ ᠢᠶᠠᠨ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠯᠠ ᠮᠥᠩᠭᠦ ᠶᠢᠨ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠬᠠᠮᠢᠶ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ | ᠵᠣᠬᠢᠶᠠᠵᠤ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | |