ᠡᠪᠦᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠳᠤ ᠪᠣᠯᠣᠨ᠎ᠠ
ᠨᠡᠶᠢᠲᠡᠯᠡᠭᠰᠡᠨ ᠴᠠᠭ᠄
2024/3/12
     ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ 2 ᠳ᠋ᠤᠭᠠᠷ ᠰᠠᠷ᠎ᠠ ᠶᠢᠨ 17 ᠠᠴᠠ 27 ᠤ ᠡᠳᠦᠷ ᠪᠣᠯᠲᠠᠯ᠎ᠠ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠳᠤ ᠶᠠᠪᠤᠭᠳᠠᠬᠤ ᠪᠣᠯᠣᠨ᠎ᠠ᠃ ᠲᠤᠬᠠᠢ ᠶᠢᠨ ᠦᠶ᠎ᠡ ᠳᠤ ᠪᠦᠬᠦ ᠤᠯᠤᠰ ᠤᠨ 3700 ᠭᠠᠷᠤᠢ ᠲᠠᠮᠢᠷᠴᠢᠨ ᠮᠥᠰᠥᠨ ᠳᠤ ᠲᠡᠰᠢᠬᠦ᠂ ᠴᠠᠰᠤᠨ ᠳᠤ ᠭᠤᠯᠭᠤᠬᠤ᠂ ᠮᠥᠰᠥᠨ ᠪᠥᠮᠪᠦᠭᠡ ᠲᠣᠭᠯᠠᠬᠤ ᠵᠡᠷᠭᠡ 8 ᠲᠣᠮᠣ ᠲᠥᠷᠥᠯ᠂ 16 ᠰᠠᠯᠪᠤᠷᠢ ᠲᠥᠷᠥᠯ᠂ 176 ᠵᠢᠵᠢᠭ ᠲᠥᠷᠥᠯ ᠤᠨ ᠤᠷᠤᠯᠳᠤᠭᠠᠨ ᠳᠤ ᠤᠷ᠎ᠠ ᠮᠡᠷᠭᠡᠵᠢᠯ ᠢᠶᠠᠨ ᠰᠣᠷᠢᠬᠤ ᠪᠣᠯᠣᠨ᠎ᠠ᠃ ᠡᠨᠡ ᠤᠳᠠᠭᠠᠨ ᠤ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠥᠯᠥᠨ ᠪᠤᠶᠢᠷ ᠬᠤᠲᠠ ᠶᠢᠨ ᠬᠠᠶᠢᠯᠠᠷ᠂ ᠵᠡᠯᠡᠨ ᠠᠶᠢᠯ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ ᠤᠯᠠᠭᠠᠨᠴᠠᠪ ᠬᠤᠲᠠ ᠶᠢᠨ ᠯᠢᠶᠠᠩ ᠴᠧᠩ ᠰᠢᠶᠠᠨ᠂ ᠬᠥᠬᠡᠬᠤᠲᠠ ᠪᠣᠯᠣᠨ ᠪᠡᠭᠡᠵᠢᠩ ᠬᠤᠲᠠ ᠶᠢᠨ ᠶᠠᠨ ᠴᠢᠩ ᠲᠣᠭᠤᠷᠢᠭ᠂ ᠾᠧᠪᠧᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠵᠡᠷᠭᠡ 7 ᠤᠷᠤᠯᠳᠤᠭᠠᠨ ᠤ ᠲᠣᠭᠤᠷᠢᠭ ᠲᠤ ᠶᠠᠪᠤᠭᠳᠠᠭᠤᠯᠬᠤ ᠪᠣᠯᠣᠨ᠎ᠠ᠃ ᠣᠳᠣᠬᠠᠨ ᠳᠤ ᠥᠪᠥᠷ ᠮᠣᠩᠭᠤᠯ ᠤᠨ ᠡᠯ᠎ᠡ ᠤᠷᠤᠯᠳᠤᠭᠠᠨ ᠤ ᠣᠷᠳᠣᠨ ᠲᠠᠯᠠᠪᠤᠷ᠂ ᠪᠡᠯᠡᠳᠬᠡᠯ ᠲᠥᠬᠦᠭᠡᠷᠦᠮᠵᠢ ᠪᠦᠷ ᠪᠡᠯᠡᠬᠡᠨ ᠪᠣᠯᠣᠭᠰᠠᠨ ᠪᠥᠭᠡᠳ ᠡᠯ᠎ᠡ ᠭᠠᠵᠠᠷ ᠤᠨ ᠬᠢᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠥᠷ ᠬᠥᠭᠵᠢᠶᠡᠨ ᠲᠠᠢ ᠤᠭᠲᠤᠬᠤ ᠪᠣᠯᠣᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号