| | ᠳᠤᠮᠳᠠᠳᠤ ᠤᠯᠤᠰ ᠢᠶᠠᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ | ᠲᠥᠯᠦᠭᠡ ᠪᠦᠬᠦ ᠠᠷᠠᠤᠨ ᠢᠶᠠᠷ ᠢᠶᠠᠨ ᠮᠡᠷᠡᠶᠢᠨ ᠴᠢᠷᠮᠠᠶᠢᠵᠤ ᠪᠠᠶᠢᠭ᠎ᠠ ᠦᠶ᠎ᠡ ᠳᠤ᠂ ᠮᠥᠨᠴᠦ ᠨᠠᠮ ᠤᠨ ᠬᠤᠷᠢᠳᠤᠭᠠᠷ | ᠶᠡᠭᠡ ᠬᠤᠷᠠᠯ ᠢᠯᠠᠯᠲᠠ ᠲᠠᠢ ᠬᠤᠷᠠᠯᠳᠤᠬᠤ ᠠᠴᠠ ᠡᠮᠦᠨᠡᠬᠡᠨ ︽ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ︾ ᠭᠡᠬᠦ | ᠰᠡᠳᠤᠪ ᠢᠶᠠᠷ ᠺᠷᠦᠲ᠋ᠢᠶ᠎ᠠ ᠤᠯᠤᠰ ᠲᠤ ᠶᠠᠪᠤᠭᠳᠠᠭᠰᠠᠨ 2022 ᠣᠨ ᠤ ᠳᠣᠯᠣᠳᠤᠭᠠᠷ ᠤᠳᠠᠭᠠᠨ ᠤ | CAKOVEC ᠤᠯᠠᠨ ᠤᠯᠤᠰ ᠤᠨ ᠱᠤᠭ ᠵᠢᠷᠤᠭ ᠤᠨ ᠦᠵᠡᠰᠬᠦᠯᠡᠩ ᠳᠤ᠂ ᠥᠪᠤᠷ ᠮᠣᠩᠭᠤᠯ ᠤᠨ ᠰᠢᠯᠢ ᠶᠢᠨ | ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠩᠭᠤᠯ ᠬᠡᠯᠡ ᠰᠣᠶᠣᠯ ᠤᠷᠠᠯᠢᠭ ᠤᠨ ᠰᠠᠯᠪᠤᠷᠢ ᠶᠢᠨ | ᠪᠠᠭᠰᠢ ᠪᠠ᠊ · ᠪᠢᠯᠢᠭ ᠤᠨ ᠵᠢᠷᠤᠭᠰᠠᠨ ᠱᠤᠭ ᠵᠢᠷᠤᠭ ᠨᠢ ᠲᠡᠷᠢᠭᠦᠨ ᠱᠠᠩᠨᠠᠯ ᠬᠦᠷᠲᠡᠭᠰᠡᠨ ᠪᠠᠶᠢᠨ᠎ᠠ᠃ ᠠᠮᠢᠳᠤᠷᠠᠯ ᠠᠴᠠ | ᠰᠡᠳᠤᠪᠯᠡᠭᠰᠡᠨ ᠠᠯᠢᠪᠠ ᠤᠷᠠᠨ ᠪᠦᠲᠦᠭᠡᠯ ᠪᠦᠬᠦᠨ ᠠᠷᠠᠤᠨ ᠲᠦᠮᠡᠨ ᠤ ᠰᠡᠦᠨᠬᠢᠯ ᠳᠤ ᠬᠦᠷᠳᠡᠭ᠃ ᠬᠤᠪᠴᠠᠰᠤ | ᠢᠯᠢᠭᠦᠷᠳᠡᠬᠦ ᠬᠠᠪᠲᠠᠰᠤᠨ ᠳᠡᠭᠡᠷ᠎ᠡ ᠪᠠᠨ ᠴᠠᠭ ᠵᠠᠢ ᠪᠠᠨ ᠵᠠᠶᠢᠴᠢᠯᠠᠨ ᠪᠡᠶ᠎ᠡ ᠪᠠᠨ ᠪᠤᠯᠪᠠᠰᠤᠷᠠᠭᠤᠯᠵᠤ ᠪᠠᠶᠢᠭ᠎ᠠ ᠡᠭᠡᠯ | ᠨᠢᠭᠡᠨ ᠡᠮᠡᠭᠲᠡᠢ ᠶᠢᠨ ᠠᠮᠢᠳᠤᠷᠠᠯ ᠠᠬᠤᠢ ᠶᠢᠨ ᠪᠣᠷᠤ ᠲᠥᠯᠦᠪ ᠢ ᠪᠠᠭ᠎ᠠ ᠠᠴᠠ ᠶᠡᠭᠡ᠂ ᠵᠢᠵᠢᠭ ᠠᠴᠠ ᠲᠣᠮᠣ ᠣᠷᠤᠭᠤ | ᠰᠡᠦᠨᠬᠢᠳᠡᠭ ᠠᠷᠭ᠎ᠠ ᠪᠠᠷ ᠤᠷᠭᠤᠭᠤᠯᠤᠨ ᠪᠣᠳᠤᠵᠤ ᠤᠷᠠᠯᠠᠨ ᠪᠥᠲᠦᠭᠡᠭᠰᠡᠨ ᠪᠠ᠊ · ᠪᠢᠯᠢᠭ ᠪᠠᠭᠰᠢ ᠶᠢᠨ ︽ᠠᠵᠢᠯ ᠤᠨ | ᠴᠢᠯᠦᠭᠡᠨ ᠤ ᠪᠡᠶ᠎ᠡ ᠶᠢᠨ ᠲᠠᠮᠢᠷ︾ ᠭᠡᠬᠦ ᠱᠤᠭ ᠵᠢᠷᠤᠭ ᠨᠢ ᠬᠦᠮᠦᠰ ᠲᠤ ︽ᠪᠡᠶ᠎ᠡ ᠪᠠᠶᠢᠪᠠᠯ ᠪᠡᠭᠡᠵᠢᠩ︾ ᠭᠡᠭᠴᠢ ᠶᠢᠨ | ᠤᠤᠠᠬ᠎ᠠ ᠶᠢ ᠭᠦᠨ ᠮᠡᠳᠡᠷᠡᠭᠦᠯᠦᠭᠰᠡᠨ ᠮᠥᠷᠲᠡᠭᠡᠨ ᠡᠨᠡ ᠤᠳᠠᠭᠠᠨ ᠤ ᠣᠯᠠᠨ ᠤᠯᠤᠰ ᠤᠨ ᠱᠤᠭ ᠵᠢᠷᠤᠭ ᠤᠨ | ᠦᠵᠡᠰᠬᠦᠯᠡᠩ ᠤᠨ ᠭᠤᠣᠯ ᠰᠡᠳᠤᠪ ᠲᠠᠢ ᠴᠤ ᠶᠠᠪ ᠴᠠᠪ ᠲᠠᠭᠠᠷᠠᠵᠤ ᠰᠠᠨᠠᠭ᠎ᠠ ᠣᠨᠤᠭ᠎ᠠ ᠨᠡᠶᠢᠯᠡᠭᠰᠡᠨ ᠨᠢ ᠮᠡᠳᠡᠭᠡᠵᠢ | ᠶᠤᠮ᠃ | | | |