ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ ᠸᠠᠩ ᠰᠠᠨ ᠱᠢ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/15
      2 ᠰᠠᠷ᠎ᠠ ᠶᠢᠨ 21᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ 2024 ᠣᠨ ᠤ ᠡᠬᠢᠯᠡᠯᠲᠡ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠰᠤᠯᠠ ᠣᠷᠣᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ︽ᠠᠷᠢᠭᠤᠨ ᠴᠢᠬᠡᠴᠢ︾᠎ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠵᠦ᠂ ᠢᠯᠵᠢᠷᠡᠯ ᠢ ᠡᠰᠡᠷᠭᠦᠴᠡᠬᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃       ᠬᠤᠷᠠᠯ ᠠᠴᠠ᠂ ᠪᠦᠬᠦ ᠬᠤᠳᠠ ᠪᠠᠷ ᠢᠶᠠᠨ ᠴᠠᠭ ᠪᠢᠳᠡᠨ ᠢ ᠬᠦᠯᠢᠶᠡᠬᠦ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠲᠡᠮᠡᠴᠡᠯ ᠤᠨ ᠳᠦᠷᠰᠦ ᠪᠠᠶᠢᠳᠠᠯ ᠢᠶᠠᠷ ᠬᠥᠭᠵᠢᠯᠲᠡ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠤ ᠬᠥᠳᠡᠯᠦᠩᠭᠦᠢ ᠲᠤᠬᠢᠷᠠᠭᠤᠯᠤᠯᠳᠠ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠵᠦ᠂ ᠲᠦᠷᠦ ᠶᠢᠨ ᠪᠤᠳᠤᠯᠭ᠎ᠠ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ︽ᠪᠦᠬᠦ ᠵᠢᠯ ᠳᠤ ᠤᠷᠤᠭᠰᠢᠯᠠᠬᠤ︾᠎ ᠶᠢ ᠬᠦᠴᠦᠯᠡᠨ ᠲᠡᠮᠡᠴᠡᠨ ᠣᠯᠵᠤ᠂ ᠪᠦᠬᠦ ᠵᠢᠯ ᠤᠨ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ︽ᠬᠤᠳᠠ ᠶᠢᠨ ᠰᠢᠭᠤᠳ ᠬᠠᠷᠢᠶ᠎ᠠ ᠨᠢᠭᠡᠴᠡ᠂ ᠰᠤᠮᠤ᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ 2023 ᠣᠨ ᠤ ᠬᠢᠨᠠᠨ ᠰᠢᠯᠭᠠᠯᠲᠠ ᠶᠢᠨ ᠲᠥᠰᠥᠯ︾᠂ ︽ᠡᠷᠢᠶᠡᠨ ᠬᠤᠳᠠ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠳᠠ ᠶᠢᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ︾᠂ ︽ᠡᠷᠢᠶᠡᠨ ᠬᠤᠳᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号