﹇ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ﹈ ᠡᠷᠢᠶᠡᠨ ᠬᠤᠲᠠ ᠶᠢᠨ ᠬᠥᠭᠵᠢᠯᠲᠡ  ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/3/15
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠣᠯᠠᠳᠠ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠲᠣᠰ ᠡᠳᠦᠷ ᠠᠴᠠ ᠡᠬᠢᠯᠡᠨ᠂ ᠡᠷᠢᠶᠡᠨ ᠬᠤᠲᠠ ᠶᠢᠨ ᠬᠠᠮ ᠵᠠᠭᠤᠴᠢᠯᠠᠭᠤᠷ ᠤᠨ ᠲᠥᠪ ︽ᠠᠷᠠᠳ ᠲᠤ ᠠᠰᠢᠭ ᠬᠦᠷᠲᠡᠭᠡᠬᠦ ᠺᠠᠷᠲ︾ ︽ᠬᠥᠭᠵᠢᠯᠲᠡ ᠶᠢᠨ ᠲᠠᠩᠰᠠ︾ ᠪᠠ ︽ᠣᠳᠣᠬᠢᠴᠢᠯᠠᠯᠲᠠ ᠶᠢᠨ ᠬᠥᠭᠵᠢᠯᠲᠡ ᠶᠢᠨ ᠵᠢᠷᠤᠭ ᠲᠥᠯᠥᠪᠯᠡᠭᠡ︾ ᠵᠡᠷᠭᠡ ᠰᠢᠷᠢᠰ ᠠᠭᠤᠯᠭ᠎ᠠ ᠶᠢ ᠵᠠᠯᠭᠠᠭ᠎ᠠ ᠪᠠᠷ ᠰᠢᠯᠵᠢᠭᠦᠯᠦᠨ ᠨᠡᠶᠢᠲᠡᠯᠡᠵᠦ᠂ ᠪᠥᠬᠦ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠮᠠᠨ ᠤ ᠬᠤᠲᠠ ᠶᠢᠨ ᠲᠠᠷᠢᠶᠠᠴᠢᠳ ᠲᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠪᠢᠷᠠᠯᠲᠠ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠮᠡᠳᠡᠷᠡᠭᠦᠯᠵᠦ᠂ ᠨᠠᠮ ᠪᠠ ᠤᠯᠤᠰ ᠤᠨ ᠬᠠᠶᠢᠷ᠎ᠠ ᠬᠠᠯᠠᠮᠵᠢ ᠶᠢ ᠮᠡᠳᠡᠷᠡᠪᠡ᠃
   ᠣᠶᠢᠷ᠎ᠠ ᠶᠢᠨ ᠵᠢᠯ ᠳᠤ᠂ ᠮᠠᠨ ᠤ ᠬᠤᠲᠠ ᠨᠡᠶᠢᠲᠡ 35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠬᠡᠷᠡᠭᠯᠡᠵᠦ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠵᠠᠮ ᠤᠨ ᠪᠦᠷᠬᠦᠭᠦᠯ᠂ ᠶᠠᠪᠠᠭᠠᠨ ᠬᠥᠮᠦᠨ ᠤ ᠵᠠᠮ ᠳᠡᠪᠢᠰᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠬᠤᠲᠠ ᠶᠢᠨ ᠨᠣᠭᠤᠭᠠᠷᠠᠭᠤᠯᠤᠯᠲᠠ ᠶᠢ ᠭᠤᠶᠤᠵᠢᠭᠤᠯᠬᠤ ᠪᠠ ᠭᠡᠷᠡᠯᠲᠦᠭᠦᠯᠬᠦ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠨᠠᠩ ᠭᠤᠶᠣ ᠰᠠᠶᠢᠬᠠᠨ ᠪᠣᠯᠭᠠᠪᠠ᠃    ᠬᠤᠲᠠ ᠶᠢᠨ ᠰᠠᠯᠬᠢ ᠬᠠᠯᠬᠠᠯᠠᠬᠤ ᠣᠶ ᠶᠢᠨ ᠪᠦᠰᠡ᠂ ᠦᠵᠡᠮᠵᠢ ᠶᠢᠨ ᠶᠡᠭᠡ ᠵᠠᠮ᠂ ᠬᠠᠭᠤᠷᠠᠶ ᠬᠥᠭᠦᠷᠭᠡ ᠶᠢᠨ ᠴᠡᠴᠡᠷᠯᠢᠭ᠂ ᠣᠯᠢᠮᠫᠢᠺ ᠤᠨ ᠴᠡᠴᠡᠷᠯᠢᠭ᠂ ᠬᠤᠶᠠᠷ ᠢ ᠬᠦᠷᠢᠶᠡᠯᠡᠬᠦ ᠴᠡᠴᠡᠷᠯᠢᠭ ᠪᠠ ᠤᠰᠤᠨ ᠰᠤᠷᠪᠤᠯᠵᠢ ᠶᠢᠨ ᠭᠠᠵᠠᠷ ᠠᠴᠠ ᠭᠤᠷᠪᠠᠨ ᠤᠰᠤᠨ ᠤ ᠦᠢᠯᠡᠳᠪᠦᠷᠢ ᠶᠢᠨ ᠤᠰᠤ ᠳᠠᠮᠵᠢᠭᠤᠯᠬᠤ ᠬᠤᠭᠤᠯᠠᠶ ᠱᠤᠭᠤᠮ᠂ ᠤᠰᠤᠨ ᠤ ᠴᠢᠨᠠᠷ ᠢ ᠴᠡᠪᠡᠷᠰᠢᠭᠦᠯᠬᠦ᠂ ᠬᠤᠲᠠ ᠶᠢᠨ ᠲᠣᠭᠤᠷᠢᠭ ᠤᠨ ᠴᠠᠬᠢᠯᠭᠠᠨ ᠬᠦᠷᠭᠡᠬᠦ ᠱᠤᠭᠤᠮ ᠢ ᠥᠭᠡᠷᠡᠴᠢᠯᠡᠨ ᠪᠠᠶᠢᠭᠤᠯᠬᠤ ᠵᠡᠷᠭᠡ ᠲᠥᠷᠥᠯ ᠵᠦᠢᠯ ᠢ ᠪᠡᠶᠡᠯᠡᠭᠦᠯᠵᠦ᠂ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠪᠦᠷᠬᠦᠴᠡ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠪᠠ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ ᠶᠢ ᠲᠣᠰ ᠲᠣᠰ 80%᠂ 38.74% ᠪᠠ 98.04 ᠳᠤ ᠬᠦᠷᠭᠡᠪᠡ᠃    ᠲᠣᠭᠠᠴᠢᠯᠠᠭᠰᠠᠨ᠂ ᠨᠠᠷᠢᠯᠢᠭᠵᠢᠭᠤᠯᠤᠭᠰᠠᠨ ᠬᠤᠲᠠ ᠶᠢᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠲᠦᠷᠭᠡᠨ ᠲᠤᠰᠬᠠᠵᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠤᠲᠠ ᠶᠢᠨ 50 ᠭᠠᠷᠤᠶ ᠵᠦᠢᠯ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠵᠠᠮ ᠤᠨ ᠳᠠᠷᠤᠭ᠎ᠠ ᠶᠢᠨ ᠲᠦᠷᠢᠮ︾ ᠪᠠ ᠰᠠᠭᠤᠭᠠᠯᠢ ᠠᠷᠠᠳ ᠤᠨ ᠲᠣᠭᠤᠷᠢᠭ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠡᠷᠡᠭᠵᠢᠭᠦᠯᠵᠦ᠂ ᠬᠤᠲᠠ ᠶᠢᠨ ᠨᠣᠭᠤᠭᠠᠷᠠᠭᠤᠯᠤᠯᠲᠠ ᠭᠡᠷᠡᠯᠲᠦᠭᠦᠯᠭᠡ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ᠂ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠵᠡᠷᠭᠡ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
   ︽ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠥᠬᠦ ᠶᠠᠪᠤᠴᠠ ᠶᠢ ᠡᠯᠧᠺᠲᠷᠣᠨᠴᠢᠯᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠡᠷᠭᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠭᠠᠰᠬᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ  ᠬᠦᠢᠴᠡᠳᠬᠡᠬᠦ ᠴᠠᠭ ᠤᠨ ᠬᠢᠵᠠᠭᠠᠷ ᠢ 50% ᠠᠴᠠ ᠳᠡᠭᠡᠭᠰᠢ ᠪᠠᠭᠠᠰᠬᠠᠪᠠ᠃ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠵᠡᠷᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠡᠶᠡᠯᠡᠭᠦᠯᠵᠦ᠂ ᠠᠷᠠᠳ ᠤᠨ ᠵᠣᠭᠤᠰ ᠪᠣᠯᠤᠨ ᠲᠥᠭᠦᠷᠢᠭ ᠪᠡᠯᠡᠨ ᠵᠣᠭᠤᠰ ᠢ ᠪᠥᠬᠦ ᠤᠯᠤᠰ ᠲᠤ ᠤᠷᠢᠳᠠᠪᠠᠷ ᠫᠠᠶᠢᠰᠠ ᠡᠯᠭᠦᠨ ᠡᠵᠡᠩᠨᠡᠵᠦ᠂ ᠨᠡᠭᠡᠭᠡᠯᠲᠡᠲᠡᠶ ᠪᠠᠭᠲᠠᠭᠠᠮᠵᠢᠲᠠᠶ ᠬᠤᠲᠠ ᠶᠢᠨ ᠬᠥᠭᠵᠢᠯᠲᠡ ᠶᠢᠨ ᠣᠨᠣᠯᠵᠢᠬᠤᠨ ᠬᠥᠮᠦᠰ ᠤᠨ ᠰᠡᠳᠬᠢᠯ ᠳᠤ ᠬᠠᠳᠠᠩᠰᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号