ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠤᠭᠤᠷᠢᠯ ᠵᠠᠮ ᠤᠨ ᠠᠶᠠᠯᠠᠯ ᠤᠨ ᠱᠤᠭᠤᠮ ᠢ ᠲᠦᠯᠥᠪᠵᠢᠬᠦᠯᠪᠡ
ᠨᠡᠶᠢᠲᠡᠯᠡᠭᠰᠡᠨ ᠴᠠᠭ᠄
2024/3/15
      ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠤᠭᠤᠷᠢᠯ ᠵᠠᠮ ᠤᠨ ᠠᠶᠠᠯᠠᠯ ᠤᠨ ᠱᠤᠭᠤᠮ ᠢ ᠲᠦᠯᠥᠪᠵᠢᠬᠦᠯᠪᠡ 3 ᠰᠠᠷ᠎ᠠ ᠶᠢᠨ 10 ᠤ ᠡᠳᠦᠷ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠤᠨ ᠠᠶᠠᠯᠠᠯ ᠤᠨ ᠵᠠᠷᠢᠯᠴᠠᠬᠤ ᠬᠤᠷᠠᠯ ᠲᠤᠯᠤᠨ ᠨᠤᠤᠷ ᠰᠢᠶᠠᠨ ᠳᠤ ᠬᠤᠷᠠᠯᠳᠤᠪᠠ᠃ ᠶᠠᠷᠢᠯᠴᠠᠬᠤ ᠬᠤᠷᠠᠯ ᠳᠡᠭᠡᠷ᠎ᠡ ᠴᠠᠩ ᠴᠧᠩ᠂ ᠪᠡᠭᠡᠵᠢᠩ ᠮᠠᠰᠢᠨ ᠲᠡᠷᠭᠡ ᠵᠡᠷᠭᠡ ᠬᠡᠭᠡᠷᠡᠯᠡᠨ ᠠᠶᠠᠯᠠᠬᠤ ᠮᠠᠰᠢᠨ ᠲᠡᠷᠭᠡᠨ ᠤ ᠨᠠᠷᠠᠲᠤ ᠲᠡᠮᠳᠡᠭᠲᠦ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠤᠯᠤᠰ ᠤᠨ ᠳᠣᠲᠣᠭᠠᠳᠤ ᠶᠢᠨ ᠬᠡᠬᠡᠷᠡᠯᠡᠨ ᠠᠶᠠᠯᠠᠬᠤ ᠮᠠᠰᠢᠨ ᠲᠡᠷᠭᠡᠨ ᠤ ᠺᠯᠦ᠋ᠪ ᠤᠨ ᠬᠠᠷᠢᠭᠤᠴᠠᠯᠭᠠᠲᠠᠨ ᠢ ᠤᠷᠢᠵᠤ᠂ ᠭᠤᠣᠯᠳᠠᠭᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠤᠨ ᠲᠥᠯᠦᠪᠵᠢᠭᠦᠯᠭᠡ ᠶᠢᠨ ᠪᠠᠶᠢᠳᠠᠯ ᠪᠣᠯᠣᠨ ᠲᠥᠯᠥᠪᠯᠡᠭᠡ ᠶᠢᠨ ᠲᠣᠭᠤᠷᠢᠨ ᠳᠤ ᠶᠠᠷᠢᠯᠴᠠᠭ᠎ᠠ ᠦᠷᠨᠢᠬᠦᠯᠪᠡ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠳᠤ 1 ᠭᠤᠣᠯ ᠱᠤᠭᠤᠮ᠂ 1 ᠶᠡᠭᠡ ᠲᠣᠭᠤᠷᠢᠯ ᠵᠠᠮ᠂ 6 ᠵᠢᠵᠢᠭ ᠲᠣᠭᠤᠷᠢᠯ ᠵᠠᠮ ᠪᠠᠭᠲᠠᠨ᠎ᠠ᠃ 6 ᠵᠤᠷᠪᠤᠰ ᠵᠢᠵᠢᠭ ᠲᠣᠭᠤᠷᠢᠯ ᠵᠠᠮ ᠨᠢ ᠲᠣᠰ ᠲᠣᠰ ᠳᠣᠯᠣᠨ ᠨᠤᠤᠷ ᠰᠢᠶᠠᠨ ᠤ ᠲᠣᠭᠤᠷᠢᠯ ᠵᠠᠮ᠂ ᠰᠢᠯᠤᠭᠤᠨ ᠬᠥᠬᠡ ᠬᠤᠰᠢᠭᠤᠨ ᠤ ᠲᠣᠭᠤᠷᠢᠯ ᠵᠠᠮ᠂ ᠰᠥᠨᠢᠳ ᠵᠡᠭᠦᠨ ᠬᠤᠰᠢᠭᠤᠨ ᠤ ᠤᠯᠠᠠᠨᠠᠭᠤᠷ ᠤᠨ ᠲᠣᠭᠤᠷᠢᠯ ᠵᠠᠮ᠂ ᠰᠢᠯᠢ ᠶᠢᠨ ᠬᠤᠲᠠ ᠶᠢᠨ ᠲᠣᠭᠤᠷᠢᠯ ᠵᠠᠮ᠂ ᠰᠢᠯᠤᠭᠤᠨ ᠬᠥᠬᠡ ᠬᠤᠰᠢᠭᠤ — ᠠᠪᠠᠭ᠎ᠠ ᠬᠤᠰᠢᠭᠤ — ᠰᠥᠨᠢᠳ ᠵᠡᠭᠦᠨ ᠬᠤᠰᠢᠭᠤ — ᠰᠢᠯᠤᠭᠤᠨ ᠬᠥᠬᠡ ᠬᠤᠰᠢᠭᠤᠨ ᠤ ᠲᠣᠭᠤᠷᠢᠯ ᠵᠠᠮ᠂ ᠲᠠᠶᠢᠹᠦᠰᠧ ᠬᠤᠰᠢᠭᠤ — ᠰᠢᠯᠤᠭᠤᠨ ᠬᠥᠪᠡᠭᠡᠲᠦ ᠴᠠᠭᠠᠨ ᠬᠤᠰᠢᠭᠤ — ᠲᠠᠶᠢᠹᠦᠰᠧ ᠬᠤᠰᠢᠭᠤᠨ ᠤ ᠲᠣᠭᠤᠷᠢᠯ ᠵᠠᠮ ᠪᠣᠯᠣᠨ᠎ᠠ᠃ ᠡᠨᠡ ᠵᠢᠯ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠲᠤᠭᠤᠯᠬᠤ ᠲᠣᠭᠤᠷᠢᠯ ᠵᠠᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ ᠲᠡᠰ ᠲᠡᠪᠰᠢᠬᠦᠯᠬᠦ ᠱᠠᠲᠤᠨ ᠳᠤ ᠣᠷᠣᠵᠤ᠂ ᠮᠠᠨ ᠤ ᠠᠶᠢᠮᠠᠭ ᠬᠤᠪᠢ ᠪᠠᠷ ᠢᠶᠠᠨ ᠲᠡᠷᠭᠡ ᠵᠢᠯᠣᠭᠤᠳᠤᠨ ᠠᠶᠠᠯᠠᠬᠤ ᠵᠢᠭᠤᠯᠴᠢᠯᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠵᠣᠷᠯᠣᠩ᠂ ᠲᠡᠷᠭᠡᠨ ᠵᠣᠭᠰᠣᠭᠠᠯ ᠵᠢᠴᠢ ᠢᠯᠡᠳᠬᠡᠮᠵᠢ ᠲᠡᠮᠳᠡᠭ ᠤᠨ ᠰᠢᠰᠲ᠋ᠧᠮ ᠵᠡᠷᠭᠡ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠳᠦᠷᠦᠯ ᠵᠦᠢᠯ ᠢ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠪᠤᠷᠠᠨ ᠲᠤᠰᠠᠯᠠᠬᠤ ᠪᠠᠶᠢᠭᠤᠯᠤᠮᠵᠢ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠪᠦᠷᠢᠨ ᠲᠥᠬᠦᠷ ᠡᠯᠧᠺᠲᠷᠣᠨ ᠭᠠᠵᠠᠷ ᠤᠨ ᠵᠢᠷᠤᠭ ᠵᠢᠴᠢ ᠵᠢᠯᠤᠭᠤᠳᠤᠮᠵᠢ ᠶᠢ ᠦᠢᠯᠡᠳᠴᠦ᠂ ᠭᠤᠤ ᠳ᠋ᠧ᠂ ᠪᠠᠢ ᠳᠤ᠂ ᠲᠧᠩ ᠰᠢᠶᠦ᠋ᠨ ᠵᠡᠷᠭᠡ ᠭᠠᠵᠠᠷ ᠤᠨ ᠵᠢᠷᠤᠭ ᠤᠨ ᠡᠯᠧᠺᠳ᠋ᠷᠤᠨ ᠵᠠᠮᠴᠢᠯᠠᠯᠲᠠ ᠶᠢᠨ ᠱᠤᠭᠤᠮ ᠵᠡᠷᠭᠡ ᠶᠢ ᠦᠢᠯᠡᠳᠬᠦ ᠪᠠᠷ ᠪᠤᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号