ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ ᠸᠠᠩ ᠰᠠᠨ ᠱᠢ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/15
      2 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ 2024 ᠣᠨ ᠤ ᠡᠬᠢᠯᠡᠯᠲᠡ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠰᠤᠯᠠ ᠣᠷᠣᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ︽ᠠᠷᠢᠭᠤᠨ ᠴᠢᠬᠡᠴᠢ︾ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠵᠦ᠂ ᠢᠯᠵᠢᠷᠡᠯ ᠢ ᠡᠰᠡᠷᠭᠦᠴᠡᠬᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃       ᠬᠤᠷᠠᠯ ᠠᠴᠠ᠂ ᠪᠦᠬᠦ ᠬᠤᠳᠠ ᠪᠠᠷ ᠢᠶᠠᠨ ᠴᠠᠭ ᠪᠢᠳᠡᠨ ᠢ ᠬᠦᠯᠢᠶᠡᠬᠦ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠲᠡᠮᠡᠴᠡᠯ ᠤᠨ ᠳᠦᠷᠰᠦ ᠪᠠᠶᠢᠳᠠᠯ ᠢᠶᠠᠷ ᠬᠥᠭᠵᠢᠯᠲᠡ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠤ ᠬᠥᠳᠡᠯᠦᠩᠭᠦᠢ ᠲᠤᠬᠢᠷᠠᠭᠤᠯᠤᠯᠳᠠ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠵᠦ᠂ ᠲᠦᠷᠦ ᠶᠢᠨ ᠪᠤᠳᠤᠯᠭ᠎ᠠ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ︽ᠪᠦᠬᠦ ᠵᠢᠯ ᠳᠤ ᠤᠷᠤᠭᠰᠢᠯᠠᠬᠤ︾ ᠶᠢ ᠬᠦᠴᠦᠯᠡᠨ ᠲᠡᠮᠡᠴᠡᠨ ᠣᠯᠵᠤ᠂ ᠪᠦᠬᠦ ᠵᠢᠯ ᠤᠨ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ︽ᠬᠤᠳᠠ ᠶᠢᠨ ᠰᠢᠭᠤᠳ ᠬᠠᠷᠢᠶ᠎ᠠ ᠨᠢᠭᠡᠴᠡ᠂ ᠰᠤᠮᠤ᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ 2023 ᠣᠨ ᠤ ᠬᠢᠨᠠᠨ ᠰᠢᠯᠭᠠᠯᠲᠠ ᠶᠢᠨ ᠲᠥᠰᠥᠯ︾᠂ ︽ᠡᠷᠢᠶᠡᠨ ᠬᠤᠳᠠ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠳᠠ ᠶᠢᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ︾᠂ ︽ᠡᠷᠢᠶᠡᠨ ᠬᠤᠳᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠠᠵᠢᠯ ᠤᠨ ᠮᠡᠳᠡᠭᠦᠯᠦᠯᠲᠡ︾ ᠵᠡᠷᠭᠡ ᠶᠢ ᠬᠢᠨᠠᠨ ᠵᠥᠪᠯᠡᠵᠦ ᠪᠠᠲᠤᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号