ᠬᠥᠬᠡᠬᠤᠲᠠ — ᠤᠯᠠᠭᠠᠨᠪᠠᠭᠠᠲᠤᠷ ᠤᠨ ᠴᠢᠭᠯᠡᠯ ᠤᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠵᠢᠩᠬᠢᠨᠢ ᠪᠠᠷ ᠠᠶᠠᠯᠠᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/3/18
    3 ᠳ᠋ᠤᠭᠠᠷ ᠰᠠᠷ᠎ᠠ ᠶᠢᠨ 16 ᠤ ᠡᠳᠦᠷ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠠᠴᠠ ᠢᠷᠡᠭᠰᠡᠨ 682 ᠡᠭᠡᠯᠵᠢ ᠶᠢᠨ ᠭᠠᠯᠲᠤ ᠲᠡᠷᠭᠡ ᠡᠷᠢᠶᠡᠨ ᠬᠤᠲᠠ ᠶᠢᠨ ᠣᠯᠠᠨ ᠤᠯᠤᠰ ᠤᠨ ᠭᠠᠯᠲᠤ ᠲᠡᠷᠭᠡᠨ ᠥᠷᠲᠡᠭᠡᠨ ᠳᠤ ᠠᠯᠭᠤᠷᠬᠠᠨ ᠢᠶᠠᠷ ᠣᠷᠣᠵᠦ ᠢᠷᠡᠪᠡ᠂  ᠡᠨᠡ ᠨᠢ 3 ᠵᠢᠯ ᠠᠯᠣᠰᠯᠠᠭᠰᠠᠨ ᠬᠥᠬᠡᠬᠤᠲᠠ — ᠤᠯᠠᠭᠠᠨᠪᠠᠭᠠᠲᠤᠷ ᠤᠨ ᠴᠢᠭᠯᠡᠯ ᠤᠨ ᠣᠯᠠᠨ ᠤᠯᠤᠰ ᠤᠨ ᠭᠠᠯᠲᠤ ᠲᠡᠷᠭᠡ ᠵᠢᠩᠬᠢᠨᠢ ᠪᠠᠷ ᠠᠶᠠᠯᠠᠯ ᠢᠶᠠᠨ ᠰᠡᠷᠭᠦᠭᠡᠭᠰᠡᠨ ᠢ ᠬᠠᠷᠠᠭᠤᠯᠵᠤ ᠪᠠᠶᠢᠨ᠎ᠠ᠃      ᠲᠤᠬᠠᠶ ᠶᠢᠨ ᠡᠳᠦᠷ᠂ 54 ᠮᠣᠩᠭᠤᠯ ᠤᠯᠤᠰ ᠤᠨ ᠠᠶᠠᠨᠴᠢᠳ ᠡᠷᠢᠶᠡᠨ ᠪᠣᠭᠤᠮᠲᠠ ᠪᠠᠷ ᠥᠩᠭᠡᠷᠡᠬᠦ ᠶᠢ ᠤᠷᠤᠭᠰᠢᠲᠠᠶ ᠪᠡᠶᠡᠯᠡᠭᠦᠯᠵᠦ᠂ ᠳᠤᠮᠳᠠᠳᠤ ᠤᠯᠤᠰ ᠲᠤ ᠬᠢᠯᠢ ᠠᠯᠤᠰᠯᠠᠭᠰᠠᠨ ᠠᠶᠠᠯᠠᠯ ᠢᠶᠠᠨ ᠡᠬᠢᠯᠡᠭᠦᠯᠬᠦ ᠪᠣᠯᠪᠠ᠃ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠵᠠᠮ︾ ᠤᠨ ᠴᠤᠷ ᠤᠨ ᠭᠠᠭᠴᠠ ᠬᠢᠯᠢ ᠪᠠᠷ ᠨᠡᠪᠳᠡᠷᠡᠬᠦ ᠪᠣᠭᠤᠮᠲᠠ ᠪᠣᠯᠣᠨ᠎ᠠ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠬᠥᠭᠦᠷᠭᠡ ᠶᠢ ᠬᠤᠯᠪᠣᠬᠤ ᠴᠢᠬᠤᠯᠠ ᠵᠠᠮ ᠪᠣᠯᠣᠨ᠎ᠠ᠃ ᠤᠮᠠᠷᠠᠲᠤ ᠪᠣᠯᠤᠨ ᠤᠯᠠᠭᠠᠨᠪᠠᠭᠠᠲᠤᠷ᠂ ᠮᠣᠰᠺᠸᠠ ᠶᠢᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠵᠦ᠂ ᠡᠮᠦᠨ᠎ᠡ ᠵᠢᠨᠢᠩ ᠤᠨ ᠱᠤᠭᠤᠮ ᠳᠠᠭᠠᠣ ᠤᠯᠤᠰ ᠤᠨ ᠳᠣᠲᠣᠭᠠᠳᠤ ᠶᠢᠨ ᠪᠣᠰᠣᠳ ᠭᠠᠵᠠᠷ ᠣᠷᠣᠨ ᠲᠠᠢ ᠬᠤᠯᠪᠣᠯᠳᠣᠨ᠎ᠠ᠃ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠶᠡᠭᠡ ᠵᠠᠮ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠵᠠᠰᠠᠮᠠᠯ ᠵᠠᠮ ᠤᠨ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢ ᠰᠡᠷᠭᠦᠭᠡᠬᠦ ᠨᠢ ᠳᠤᠮᠳᠠᠳᠤ ᠮᠣᠩᠭᠤᠯ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃      ᠮᠣᠩᠭᠤᠯ ᠤᠯᠤᠰ ᠤᠨ ᠠᠶᠠᠨᠴᠢᠳ᠄ ︽ᠤᠯᠠᠭᠠᠨᠪᠠᠭᠠᠲᠤᠷ ᠪᠣᠯᠤᠨ ᠬᠥᠬᠡᠬᠤᠲᠠ ᠶᠢᠨ ᠬᠤᠭᠤᠷᠣᠨᠳᠣᠬᠢ ᠣᠯᠠᠨ ᠤᠯᠤᠰ ᠤᠨ ᠭᠠᠯᠲᠤ ᠲᠡᠷᠭᠡ ᠡᠴᠦᠰ ᠲᠡᠭᠡᠨ ᠰᠡᠷᠬᠦᠯ᠎ᠡ᠂ ᠪᠢᠳᠡ ᠮᠠᠰᠢ ᠪᠠᠶᠠᠷᠯᠠᠵᠤ ᠪᠠᠶᠢᠨ᠎ᠠ᠃ ᠰᠡᠭᠦᠯᠡᠷ ᠬᠥᠬᠡᠬᠤᠲᠠ ᠳᠤ ᠣᠴᠢᠬᠤ ᠳᠤ ᠨᠡᠩ ᠳᠥᠭᠦᠮ ᠨᠠᠩ ᠬᠢᠮᠳᠠ ᠪᠣᠯᠪᠠ︾ ᠬᠡᠨ᠎ᠡ᠃      ᠣᠶᠢᠯᠠᠭᠠᠭᠰᠠᠨ ᠢᠶᠠᠷ᠂ ᠡᠬᠢᠯᠡᠵᠦ ᠠᠶᠠᠯᠠᠭᠰᠠᠨ ᠤ ᠳᠠᠷᠠᠭᠠᠬᠢ ᠠᠩᠬᠠᠳᠠᠭᠴᠢ ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢ ᠰᠡᠷᠭᠦᠭᠡᠨ ᠵᠠᠰᠠᠭᠰᠠᠨ ᠤ ᠳᠠᠷᠠᠭ᠎ᠠ ᠲᠣᠰ ᠲᠣᠰ ᠤᠯᠠᠭᠠᠨᠪᠠᠭᠠᠲᠤᠷ ᠥᠷᠲᠡᠭᠡ ᠪᠠ ᠬᠥᠬᠡᠬᠤᠲᠠ ᠥᠷᠲᠡᠭᠡ ᠠᠴᠠ ᠨᠢᠭᠡ ᠡᠳᠦᠷ ᠲᠤ ᠡᠭᠡᠯᠵᠢᠯᠡᠨ ᠲᠡᠷᠭᠡ ᠶᠠᠪᠤᠭᠤᠯᠤᠨ᠎ᠠ᠃ ᠡᠭᠦᠨ ᠠᠴᠠ ᠬᠤᠶᠢᠰᠢ ᠭᠠᠷᠠᠭ ᠪᠦᠷᠢ ᠶᠢᠨ ᠨᠢᠭᠡᠨ᠂  ᠲᠠᠪᠤᠨ ᠳᠤ ᠪᠠᠶᠢᠩᠭᠤ ᠶᠢᠨ ᠠᠵᠢᠯᠯᠠᠭᠠᠨ ᠢ ᠪᠠᠳᠣᠯᠠᠨ᠎ᠠ᠃      ᠡᠷᠢᠶᠡᠨ ᠪᠣᠭᠤᠮᠲᠠ ᠶᠢᠨ ᠬᠠᠷᠢᠭᠤᠴᠠᠯᠭᠠᠲᠠᠨ ᠠᠴᠠ᠂ ᠲᠣᠰ ᠤᠳᠠᠭᠠᠨ ᠤ ᠭᠠᠯᠲᠤ ᠲᠡᠷᠭᠡᠨ ᠤ ᠤᠷᠤᠭᠰᠢᠲᠠᠶ ᠨᠡᠪᠲᠡᠷᠡᠬᠦ ᠶᠢ ᠪᠠᠲᠤᠯᠠᠬᠤ ᠶᠢᠨ ᠳᠣᠯᠠᠳᠠ᠂ ᠡᠷᠢᠶᠡᠨ ᠪᠣᠭᠤᠮᠲᠠ ᠲᠡᠷᠡ ᠳᠠᠷᠤᠶ ᠳᠤᠨᠢ ᠬᠢᠯᠢ ᠶᠢᠨ ᠪᠠᠶᠢᠴᠠᠭᠠᠯᠲᠠ᠂ ᠲᠡᠷᠭᠡᠨ ᠥᠷᠲᠡᠭᠡ ᠲᠠᠢ ᠨᠡᠪᠲᠡᠷᠡᠯᠴᠡᠨ ᠠᠶᠠᠨᠴᠢᠳ ᠤᠨ ᠪᠣᠭᠤᠮᠲᠠ ᠪᠠᠷ ᠥᠩᠭᠡᠷᠡᠬᠦ ᠤᠴᠢᠷ ᠶᠠᠪᠤᠳᠠᠯ ᠢ ᠨᠡᠪᠲᠡᠷᠡᠯᠴᠡᠵᠦ᠂ ︽ᠤᠶᠤᠨᠲᠤ ᠪᠣᠭᠤᠮᠲᠠ︾᠂ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠰᠢᠯᠢᠳᠡᠭᠵᠢᠭᠦᠯᠵᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ ᠬᠢᠯᠢ ᠪᠠᠷ ᠣᠷᠣᠵᠤ ᠭᠠᠷᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠨᠥᠬᠦᠷᠰᠡᠭ᠂ ᠲᠥᠬᠦᠮ᠂ ᠥᠨᠳᠥᠷ ᠪᠦᠲᠦᠮᠵᠢᠲᠡᠶ᠂ ᠣᠶᠤᠨᠴᠢ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠣᠷᠴᠢᠨ ᠨᠥᠬᠦᠴᠡᠯ ᠢ ᠢᠳᠡᠪᠬᠢᠲᠡᠶ ᠪᠠᠶᠢᠭᠤᠯᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠲᠦᠮᠡᠨ ᠤ ︽ᠠᠷᠠᠳ ᠤᠨ ᠰᠡᠳᠬᠢᠯ ᠢ ᠨᠡᠪᠲᠡᠷᠡᠯᠴᠡᠭᠦᠯᠬᠦ︾ ᠵᠠᠮ ᠢᠶᠠᠷ ᠠᠮᠵᠢᠯᠲᠠ ᠲᠠᠢ ᠠᠶᠠᠯᠠᠬᠤ ᠳᠤ ᠪᠠᠲᠤᠯᠠᠭ᠎ᠠ ᠬᠠᠩᠭᠠᠨ᠎ᠠ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号