【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠳᠤ ᠬᠦᠴᠦᠨ ᠨᠡᠮᠡᠷᠢᠯᠡᠶ᠎ᠡ︕ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠬᠢᠯᠢ ᠪᠠᠷ ᠨᠡᠪᠳᠡᠷᠡᠬᠦ ᠰᠢᠨ᠎ᠡ ᠬᠡᠯᠪᠡᠷᠢ ᠶᠢᠨ ᠭᠤᠶᠤᠴᠢᠯᠠᠯ ᠤᠨ ᠬᠠᠭᠤᠳᠠᠰᠤ ᠶᠢ ᠡᠬᠢᠯᠡᠵᠦ ᠬᠡᠷᠡᠭᠯᠡᠪᠡ
ᠨᠡᠶᠢᠲᠡᠯᠡᠭᠰᠡᠨ ᠴᠠᠭ᠄
2024/3/18
      ᠣᠶᠢᠷ᠎ᠠ ᠳᠤ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠤᠨ ᠬᠢᠯᠢ ᠪᠠᠷ ᠨᠡᠪᠳᠡᠷᠡᠬᠦ ᠶᠢ ᠮᠡᠳᠡᠭᠦᠯᠬᠦ ᠲᠤᠬᠠᠢ ᠶᠢᠨ ᠲᠠᠯᠠᠪᠠᠢ ᠳᠤ ᠰᠢᠨ᠎ᠡ ᠬᠡᠯᠪᠡᠷᠢ ᠶᠢᠨ ᠬᠢᠯᠢ ᠪᠠᠷ ᠣᠷᠣᠵᠤ ᠭᠠᠷᠬᠤ ᠶᠢ ᠮᠡᠳᠡᠭᠦᠯᠬᠦ ᠬᠠᠭᠤᠳᠠᠰᠤ ᠶᠢ ᠡᠬᠢᠯᠡᠨ ᠬᠡᠷᠡᠭᠯᠡᠵᠦ᠂ ᠬᠤᠣᠰ ᠴᠣᠩᠬᠤ ᠨᠡᠮᠡᠨ ᠭᠠᠷᠭᠠᠵᠤ᠂ ᠪᠣᠭᠤᠮᠲᠠ ᠪᠠᠷ ᠥᠩᠭᠡᠷᠡᠬᠦ ᠳᠤᠮᠳᠠᠴᠢ ᠴᠠᠭ ᠢ 60 ᠰᠧᠺᠦ᠋ᠨ᠋ᠳ᠋ ᠪᠣᠯᠲᠠᠯ᠎ᠠ ᠪᠣᠭᠤᠨᠢᠰᠭᠠᠵᠤ᠂ ᠦᠷ᠎ᠡ ᠪᠦᠲᠦᠮᠵᠢ ᠶᠢ 50% ᠪᠠᠷ  ᠳᠡᠭᠡᠭᠰᠢᠯᠡᠬᠦᠯᠪᠡ᠃     ᠰᠢᠨ᠎ᠡ ᠬᠠᠭᠤᠳᠠᠰᠤ ᠪᠠᠷᠢᠮᠲᠠ ᠶᠢ ᠡᠬᠢᠯᠡᠨ ᠬᠡᠷᠡᠭᠯᠡᠬᠦ ᠶᠠᠪᠤᠳᠠᠯ ᠨᠢ ᠥᠩᠭᠡᠷᠡᠭᠰᠡᠨ ᠤ ᠵᠢᠯᠣᠭᠤᠴᠢ ᠪᠠ ᠰᠠᠭᠤᠳᠠᠯ ᠤᠨ ᠬᠥᠮᠥᠨ ᠲᠤᠬᠠᠶ ᠶᠢᠨ ᠲᠠᠯᠠᠪᠤᠷ ᠲᠤ ᠮᠡᠳᠡᠭᠦᠯᠬᠦ ᠬᠠᠭᠤᠳᠠᠰᠤ ᠪᠠᠷᠢᠮᠲᠠ ᠲᠠᠭᠯᠠᠨ ᠪᠢᠴᠢᠬᠦ ᠵᠠᠭᠪᠤᠷ ᠢ ᠬᠤᠪᠢᠷᠠᠭᠤᠯᠵᠤ᠂ ᠵᠢᠯᠣᠭᠤᠴᠢ ᠪᠠ ᠠᠶᠠᠨᠴᠢᠳ ᠤᠨ ᠬᠢᠯᠢ ᠳᠤ ᠣᠷᠣᠬᠤ ᠠᠴᠠ ᠡᠮᠦᠨ᠎ᠡ ᠲᠠᠭᠯᠠᠨ ᠪᠢᠴᠢᠵᠦ᠂ ᠲᠤᠬᠠᠶ ᠶᠢᠨ ᠲᠠᠯᠠᠪᠤᠷ ᠲᠤ ᠪᠠᠷᠢᠮᠲᠠ ᠲᠤᠰᠢᠶᠠᠬᠤ ᠠᠴᠠ ᠡᠮᠦᠨ᠎ᠡ ᠪᠣᠭᠤᠮᠲᠠ ᠪᠠᠷ ᠲᠦᠷᠭᠡᠨ ᠥᠩᠭᠡᠷᠡᠵᠦ ᠪᠣᠯᠤᠨ᠎ᠠ᠃ ᠡᠨᠡ ᠬᠦ ᠠᠷᠭ᠎ᠠ ᠬᠡᠮᠵᠢᠶ᠎ᠡ ᠨᠢ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠢᠯᠢ ᠳᠤ ᠣᠷᠣᠵᠤ ᠢᠷᠡᠬᠦ ᠬᠥᠮᠦᠰ ᠤᠨ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠳᠤ ᠬᠦᠴᠦᠨ ᠨᠡᠮᠡᠷᠢᠯᠡᠪᠡ᠃     2023 ᠣᠨ ᠤ 11 ᠰᠠᠷ᠎ᠠ ᠶᠢᠨ 4 ᠤ ᠡᠳᠦᠷ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠪᠣᠭᠤᠮᠲᠠ ᠪᠠᠷ ᠥᠩᠭᠡᠷᠡᠬᠦ ᠶᠢ ᠰᠡᠷᠭᠦᠭᠡᠭᠰᠡᠨ ᠠᠴᠠ ᠨᠠᠰᠢ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠬᠦ ᠵᠠᠮ ᠤᠨ ᠬᠢᠯᠢ ᠪᠠᠷ ᠣᠷᠣᠵᠤ ᠭᠠᠷᠬᠤ ᠲᠡᠷᠭᠡ ᠲᠦᠷᠭᠡᠨ ᠨᠡᠮᠡᠭᠳᠡᠪᠡ᠃ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠪᠠᠶᠢᠬᠤ ᠶᠢ ᠪᠠᠲᠤᠯᠠᠬᠤ ᠶᠢᠨ ᠲᠤᠰᠠᠳᠠ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠤᠳ ᠪᠣᠭᠤᠮᠲᠠ ᠪᠠᠷ ᠥᠩᠭᠡᠷᠡᠬᠦ ᠠᠵᠢᠯ ᠤᠨ ᠴᠤᠪᠤᠷᠠᠯ ᠢ ᠳᠠᠬᠢᠨ ᠡᠮᠬᠢᠯᠡᠵᠦ᠂ ᠭᠤᠶᠤᠴᠢᠯᠠᠨ ᠮᠡᠳᠡᠭᠦᠯᠬᠦ ᠬᠦᠴᠦᠨ ᠵᠦᠢᠯ ᠵᠢᠴᠢ ᠬᠢᠨᠠᠨ ᠬᠠᠮᠢᠶᠠᠷᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠭᠤᠶᠤᠴᠢᠯᠠᠨ ᠮᠡᠳᠡᠭᠦᠯᠬᠦ ᠬᠠᠭᠤᠳᠠᠰᠤ ᠪᠠᠷᠢᠮᠲᠠ ᠶᠢᠨ ᠪᠠᠶᠢᠷᠢᠰᠢᠭᠤᠯᠤᠯᠲᠠ ᠶᠢᠨ ᠪᠦᠲᠦᠴᠡ ᠪᠠ ᠲᠠᠮᠠᠭ᠎ᠠ ᠶᠢᠨ ᠬᠡᠯᠪᠡᠷᠢ ᠶᠢ ᠲᠡᠭᠦᠯᠳᠡᠷᠵᠢᠭᠦᠯᠦᠨ᠎ᠡ᠃ ᠰᠢᠨ᠎ᠡ ᠬᠠᠭᠤᠳᠠᠰᠤ ᠪᠠᠷᠢᠮᠲᠠ ᠶᠢ ᠰᠦᠯᠵᠢᠶᠡᠨ ᠳᠤ ᠭᠠᠷᠭᠠᠬᠤ ᠤᠬᠠᠭᠤᠯᠭ᠎ᠠ ᠶᠢ ᠴᠢᠩᠭᠠᠳᠬᠠᠵᠤ᠂ ᠬᠢᠲᠠᠳ ᠮᠣᠩᠭᠤᠯ ᠬᠤᠤᠰ ᠬᠡᠯᠡᠨ ᠤ ᠠᠶᠠᠨᠴᠢᠳ ᠤᠨ ᠪᠣᠭᠤᠮᠲᠠ ᠪᠠᠷ ᠥᠩᠭᠡᠷᠡᠬᠦ ᠰᠠᠨᠠᠭᠤᠯᠭ᠎ᠠ ᠶᠢ ᠨᠡᠪᠲᠡᠷᠡᠭᠦᠯᠵᠦ᠂ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡ ᠵᠢᠴᠢ ᠲᠡᠷᠭᠡ ᠬᠥᠰᠬᠡ ᠶᠢᠨ ᠵᠠᠮ ᠳᠡᠭᠡᠷ᠎ᠡ ᠨᠡᠶᠢᠲᠡᠯᠡᠬᠦ ᠶᠢ ᠵᠢᠷᠤᠮᠵᠢᠭᠤᠯᠤᠨ ᠲᠠᠭᠯᠠᠬᠤ ᠬᠡᠪ ᠬᠠᠪᠲᠠᠰᠤ ᠨᠠᠭᠠᠨ᠎ᠠ᠃ ᠮᠣᠩᠭᠤᠯ ᠬᠡᠯᠡᠨ ᠤ  ᠣᠷᠴᠢᠭᠤᠯᠭ᠎ᠠ ᠶᠢᠨ ᠪᠣᠭᠤᠮᠲᠠ ᠶᠢᠨ ᠠᠵᠢᠯᠲᠠᠨ ᠢ ᠲᠣᠬᠢᠷᠠᠭᠤᠯᠤᠨ ᠵᠢᠯᠣᠭᠤᠴᠢ ᠪᠠ ᠰᠠᠭᠤᠳᠠᠯ ᠤᠨ ᠠᠵᠢᠯᠲᠠᠨ ᠢ ︽ᠨᠢᠭᠡ ᠳᠤ ᠨᠢᠭᠡ︾ ᠶᠢᠨ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ ᠶᠢᠨ ᠬᠠᠮᠲᠤ ᠬᠠᠮᠵᠢᠨ ᠲᠠᠭᠯᠠᠨ ᠮᠡᠳᠡᠭᠦᠯᠦᠨ᠎ᠡ᠃ ᠮᠡᠳᠡᠭᠦᠯᠬᠦ ᠬᠠᠭᠤᠳᠠᠰᠤ ᠶᠢ ᠡᠬᠢᠯᠡᠨ ᠬᠡᠷᠡᠭᠯᠡᠭᠰᠡᠨ ᠤ ᠳᠠᠷᠠᠭ᠎ᠠ᠂ ᠡᠳᠦᠷ ᠪᠦᠷᠢ ᠳᠤᠮᠳᠠᠴᠢ ᠪᠠᠷ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠷᠭᠡ ᠬᠥᠰᠬᠡ ᠶᠢ 850 ᠭᠠᠷᠤᠶ ᠤᠳᠠᠭ᠎ᠠ ᠰᠢᠯᠭᠠᠨ ᠪᠠᠶᠢᠴᠠᠭᠠᠵᠤ ᠳᠠᠭᠤᠰᠬᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号