2024 ᠣᠨ ᠤ 1 ᠰᠠᠷ᠎ᠠ ᠳᠤ ᠡᠷᠢᠶᠡᠨ ᠬᠤᠲᠠ ᠶᠢᠨ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ
ᠨᠡᠶᠢᠲᠡᠯᠡᠭᠰᠡᠨ ᠴᠠᠭ᠄
2024/3/18
ᠨᠢᠭᠡ᠂ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ︵ᠨᠢᠭᠡ︶ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ     2024 ᠣᠨ ᠤ 1 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2518 ᠲᠦᠮᠡᠨ ᠲᠥᠭᠦᠷᠢᠭ᠂ ᠵᠢᠯ ᠤᠨ ᠲᠥᠰᠦᠪ ᠤᠨ 8.39% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 478 ᠲᠦᠮᠡᠨ ᠲᠥᠭᠦᠷᠢᠭ ᠨᠡᠮᠡᠭᠳᠡᠵᠦ᠂ 23.43% ᠪᠠᠷ ᠨᠡᠮᠡᠭᠳᠡᠪᠡ᠃︵ᠬᠤᠶᠠᠷ︶ ᠮᠤᠵᠢ ᠠᠴᠠ ᠳᠡᠭᠡᠭᠰᠢᠬᠢ ᠭᠠᠶᠢᠯᠢ ᠲᠠᠲᠠᠪᠤᠷᠢ ᠶᠢᠨ ᠣᠷᠣᠯᠭ᠎ᠠ ᠶᠢ ᠳᠡᠭᠡᠭᠰᠢ ᠲᠤᠰᠢᠶᠠᠭᠰᠠᠨ ᠪᠠᠶᠢᠳᠠᠯ     2024 ᠣᠨ ᠤ 1 ᠰᠠᠷ᠎ᠠ ᠳᠤ᠂ ᠲᠥᠪ ᠤᠨ ᠭᠠᠶᠢᠯᠢ ᠶᠢᠨ ᠣᠷᠣᠯᠭ᠎ᠠ ᠶᠢ 505 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ 12.35% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 428 ᠲᠦᠮᠡᠨ ᠲᠥᠭᠦᠷᠢᠭ ᠨᠡᠮᠡᠭᠳᠡᠵᠦ᠂ 20.61 % ᠪᠠᠷ ᠨᠡᠮᠡᠭᠳᠡᠪᠡ︔ ᠥᠪᠡᠷᠲᠡᠭᠡᠨ ᠵᠠᠰᠠᠬᠤ ᠣᠷᠣᠨ ᠳᠤ 678 ᠲᠦᠮᠡᠨ ᠲᠥᠭᠦᠷᠢᠭ ᠤᠨ ᠭᠠᠶᠢᠯᠢ ᠲᠠᠲᠠᠪᠤᠷᠢ ᠶᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ 12.16% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 85 ᠲᠦᠮᠡᠨ ᠲᠥᠭᠦᠷᠢᠭ ᠨᠡᠮᠡᠭᠳᠡᠵᠦ᠂ 14.33 % ᠪᠠᠷ ᠨᠡᠮᠡᠭᠳᠡᠪᠡ᠃ ᠲᠥᠪ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢ ᠵᠢᠴᠢ ᠣᠷᠣᠨ ᠨᠤᠲᠤᠭ ᠲᠤ ᠰᠢᠯᠵᠢᠭᠦᠯᠦᠨ ᠥᠭᠭᠦᠭᠰᠡᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠬᠤᠷᠢᠶᠠᠩᠭᠤᠶᠢᠯᠠᠵᠤ᠂ ᠪᠦᠬᠦ ᠬᠤᠲᠠ ᠶᠢᠨ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠶ ᠣᠷᠣᠯᠭ᠎ᠠ ᠶᠢ 5701 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 10.21% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 991 ᠲᠦᠮᠡᠨ ᠲᠥᠭᠦᠷᠢᠭ ᠨᠡᠮᠡᠭᠳᠡᠵᠦ᠂ 21.04% ᠨᠡᠮᠡᠭᠳᠡᠪᠡ᠃︵ᠭᠤᠷᠪᠠ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ     2024 ᠣᠨ ᠤ 1 ᠰᠠᠷ᠎ᠠ ᠳᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 416 ᠲᠦᠮᠡᠨ ᠲᠥᠭᠦᠷᠢᠭ ᠲᠤ ᠬᠦᠷᠴᠦ᠂ ᠵᠢᠯ ᠤᠨ ᠡᠬᠢᠨ ᠤ ᠲᠥᠰᠦᠪ ᠢᠶᠠᠨ 6.93% ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 407 ᠲᠦᠮᠡᠨ ᠲᠥᠭᠦᠷᠢᠭ ᠨᠡᠮᠡᠭᠳᠡᠵᠦ᠂ 4522.22% ᠢᠶᠠᠷ ᠨᠡᠮᠡᠭᠳᠡᠪᠡ᠃   ᠬᠤᠶᠠᠷ᠂ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ    ︵ᠨᠢᠭᠡ︶ ᠭᠤᠣᠯ ᠴᠣᠭᠴᠠ ᠶᠢᠨ ᠭᠠᠶᠢᠯᠢ ᠶᠢᠨ ᠲᠥᠷᠥᠯ ᠢ ᠪᠡᠶᠡᠯᠡᠭᠦᠯᠦᠭᠰᠡᠨ ᠪᠠᠶᠢᠳᠠᠯ      2024 ᠣᠨ ᠤ 1 ᠰᠠᠷ᠎ᠠ ᠳᠤ᠂ ᠮᠠᠨ ᠤ ᠬᠤᠲᠠ ᠶᠢᠨ ᠠᠵᠤ ᠠᠬᠤᠶ ᠶᠢᠨ ᠬᠥᠭᠵᠢᠯᠲᠡ ᠲᠠᠢ ᠳᠡᠭᠡᠳᠦ ᠬᠡᠮᠵᠢᠶ᠎ᠡ ᠪᠠᠷ ᠬᠤᠯᠪᠣᠭᠳᠠᠬᠤ ᠭᠤᠤᠯ ᠴᠣᠭᠴᠠ ᠶᠢᠨ ᠭᠠᠶᠢᠯᠢ ᠶᠢᠨ ᠲᠥᠷᠥᠯ ︵ᠭᠠᠶᠢᠯᠢ ᠲᠠᠲᠠᠪᠤᠷᠢ᠂ ᠣᠷᠣᠯᠭ᠎ᠠ ᠶᠢᠨ ᠭᠠᠶᠢᠯᠢ᠂ ᠡᠬᠢ ᠪᠠᠶᠠᠯᠢᠭ ᠤᠨ ᠭᠠᠶᠢᠯᠢ︶ ᠶᠢ ᠨᠡᠶᠢᠲᠡ 1366 ᠲᠦᠮᠡᠨ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 61.7% ᠶᠢ ᠡᠵᠡᠯᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 54.25% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 167 ᠲᠦᠮᠡᠨ ᠲᠥᠭᠦᠷᠢᠭ ᠨᠡᠮᠡᠭᠳᠡᠵᠦ᠂ 13.93 % ᠪᠠᠷ ᠨᠡᠮᠡᠭᠳᠡᠪᠡ᠃ ︵ᠬᠤᠶᠠᠷ︶ ᠣᠷᠣᠨ ᠨᠤᠲᠤᠭ ᠤᠨ ᠭᠠᠶᠢᠯᠢ ᠶᠢᠨ ᠵᠦᠢᠯ ᠢ ᠪᠡᠶᠡᠯᠡᠭᠦᠯᠦᠭᠰᠡᠨ ᠪᠠᠶᠢᠳᠠᠯ        2024 ᠣᠨ ᠤ 1 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠣᠲᠣᠷᠠᠬᠢ ᠪᠤᠰᠤᠳ ᠭᠠᠶᠢᠯᠢ ᠲᠠᠲᠠᠪᠤᠷᠢ ᠶᠢ 848 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 216 ᠲᠦᠮᠡᠨ ᠲᠥᠭᠦᠷᠢᠭ ᠨᠡᠮᠡᠭᠳᠡᠵᠦ᠂ 34.18% ᠪᠠᠷ ᠨᠡᠮᠡᠭᠳᠡᠪᠡ᠃︵ᠭᠤᠷᠪᠠ︶ ᠭᠠᠶᠢᠯᠢ ᠶᠢᠨ ᠪᠤᠰᠤ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    2024 ᠣᠨ ᠤ 1 ᠰᠠᠷ᠎ᠠ ᠳᠤ᠂ ᠭᠠᠶᠢᠯᠢ ᠶᠢᠨ ᠪᠤᠰᠤ ᠣᠷᠣᠯᠭ᠎ᠠ 304 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠲᠤᠭ᠎ᠠ ᠶᠢᠨ 5.07% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 95 ᠲᠦᠮᠡᠨ ᠲᠥᠭᠦᠷᠢᠭ ᠨᠡᠮᠡᠭᠳᠡᠵᠦ᠂ 45.45% ᠪᠠᠷ ᠨᠡᠮᠡᠭᠳᠡᠪᠡ᠃ ᠪᠦᠬᠦ ᠬᠤᠲᠠ ᠶᠢᠨ ᠭᠠᠶᠢᠯᠢ ᠶᠢᠨ ᠪᠤᠰᠤ ᠣᠷᠣᠯᠭ᠎ᠠ ᠭᠤᠣᠯᠳᠠᠭᠤ ᠲᠠᠪᠤᠨ ᠲᠥᠷᠥᠯ ᠳᠤ ᠲᠥᠪᠯᠡᠷᠡᠪᠡ᠂ ᠲᠤᠬᠠᠶᠢᠯᠠᠪᠠᠯ ᠲᠤᠰᠬᠠᠶ ᠵᠦᠢᠯ ᠤᠨ ᠣᠷᠣᠯᠭ᠎ᠠ᠂ ᠵᠠᠰᠠᠭ ᠵᠠᠬᠢᠷᠭᠠᠨ ᠤ ᠴᠢᠨᠠᠷᠲᠠᠢ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠭᠰᠠᠨ ᠤ ᠣᠷᠣᠯᠭ᠎ᠠ᠂ ᠲᠣᠷᠭᠠᠵᠤ ᠬᠤᠷᠢᠶᠠᠨ ᠠᠪᠤᠭᠰᠠᠨ ᠣᠷᠣᠯᠭ᠎ᠠ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠭᠰᠡᠨ ᠣᠷᠣᠯᠭ᠎ᠠ᠂ ᠵᠠᠰᠠᠭ ᠤᠨ ᠣᠷᠳᠣᠨ ᠤ ᠴᠢᠨᠠᠷᠲᠠᠢ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ ᠲᠣᠰ ᠲᠣᠰ ᠪᠦᠬᠦ᠋ᠢᠯᠡ ᠭᠠᠶᠢᠯᠢ ᠶᠢᠨ ᠪᠤᠰᠤ ᠣᠷᠣᠯᠭ᠎ᠠ ᠶᠢᠨ 20%᠂ 1%᠂ 23%᠂ 0%᠂ 52% ᠢ ᠡᠵᠡᠯᠡᠨ᠎ᠡ᠃︵ᠲᠦᠷᠪᠡ︶ ᠡᠳ᠋ ᠤᠨ ᠵᠠᠰᠠᠭ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ    2024 ᠣᠨ ᠤ 1 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 8120 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ ᠲᠤᠭ᠎ᠠ ᠶᠢ 4.25% ᠪᠠᠷ ᠪᠡᠶᠡᠯᠡᠭᠦᠯᠵᠦ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12211 ᠲᠦᠮᠡᠨ ᠲᠥᠭᠦᠷᠢᠭ ᠪᠠᠭᠠᠰᠴᠤ᠂ 60.06% ᠪᠠᠷ ᠪᠠᠭᠤᠷᠠᠪᠠ᠃ ᠡᠭᠦᠨ ᠳᠤ ︽ᠠᠷᠠᠳ ᠤᠨ ᠠᠮᠢᠳᠤᠷᠠᠯ ᠤᠨ ᠵᠠᠷᠤᠯᠭ᠎ᠠ︾ ︵ᠰᠤᠷᠭᠠᠨ ᠬᠥᠮᠦᠵᠢᠯ ᠤᠨ ᠵᠠᠷᠤᠯᠭ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠵᠠᠷᠤᠯᠭ᠎ᠠ᠂ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠶᠢᠨ ᠵᠠᠷᠤᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ︶ ᠨᠡᠶᠢᠲᠡ 4601 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7980 ᠲᠦᠮᠡᠨ ᠲᠥᠭᠦᠷᠢᠭ ᠪᠠᠭᠠᠰᠴᠤ᠂ 63.43% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ 56.66% ᠳᠤ ᠬᠥᠷᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号