ᠱᠧᠨᠶᠠᠩ ᠬᠤᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠢᠷᠡᠵᠦ ᠭᠠᠳᠠᠭᠠᠳᠤ ᠨᠡᠭᠡᠭᠡᠯᠲᠡ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/3/19
            3 ᠰᠠᠷ᠎ᠠ ᠶᠢᠨ 18 ᠤ ᠡᠳᠦᠷ᠂ ᠱᠧᠨᠶᠠᠩ ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠴᠢᠶᠦ᠋ᠨ ᠰᠢᠨᠵᠢᠯᠡᠨ ᠪᠠᠶᠢᠴᠠᠭᠠᠬᠤ ᠪᠦᠯᠬᠦᠮ ᠢᠶᠠᠨ ᠳᠠᠭᠠᠭᠤᠯᠤᠨ ᠮᠠᠨ ᠤ ᠬᠤᠲᠠ ᠳᠤ ᠢᠷᠡᠵᠦ ᠭᠠᠳᠠᠭᠠᠳᠤ ᠨᠡᠭᠡᠭᠡᠯᠲᠡ ᠶᠢᠨ ᠠᠵᠢᠯ ᠢ ᠰᠢᠨᠵᠢᠯᠡᠨ ᠪᠠᠶᠢᠴᠠᠭᠠᠵᠤ᠂ ᠬᠤᠶᠠᠷ ᠭᠠᠵᠠᠷ ᠤᠨ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠪᠠᠷ᠎ᠠ ᠪᠣᠯᠪᠠ᠃       ᠰᠢᠨᠵᠢᠯᠡᠨ ᠪᠠᠶᠢᠴᠠᠭᠠᠬᠤ ᠪᠦᠯᠬᠦᠮ ᠠᠴᠠ ᠤᠶᠤᠨᠴᠢ ᠪᠣᠭᠤᠮᠲᠠ ᠶᠢᠨ ᠬᠠᠮᠢᠶᠠᠷᠤᠯᠲᠠ ᠶᠢᠨ ᠲᠠᠪᠴᠠᠩ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠢ ᠲᠦᠩ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠡᠮᠦᠷ ᠵᠠᠮ ᠤᠨ ᠲᠤᠬᠢᠷᠠᠭᠤᠯᠤᠨ ᠵᠢᠯᠣᠭᠤᠳᠬᠤ ᠲᠥᠪ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠵᠡᠷᠭᠡ ᠭᠠᠵᠠᠷ ᠲᠤ ᠬᠦᠷᠴᠦ᠂ ᠪᠣᠭᠤᠮᠲᠠ ᠶᠢᠨ ᠪᠠᠶᠢᠷᠢᠰᠢᠭᠤᠯᠤᠯᠲᠠ ᠪᠣᠯᠤᠨ ᠪᠣᠭᠤᠮᠲᠠ ᠪᠠᠷ ᠥᠩᠭᠡᠷᠡᠬᠦ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ ᠠᠵᠢᠯᠯᠠᠭ᠎ᠠ᠂ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠥᠮᠥᠷᠭᠡ ᠵᠢᠴᠢ ᠠᠵᠤ ᠠᠬᠤᠶᠢᠯᠠᠯ ᠤᠨ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃       ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠨᠢ᠂ ᠡᠷᠢᠶᠡᠨ ᠬᠤᠲᠠ ᠪᠣᠯ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠮᠥᠨ᠂ ᠬᠥᠭᠵᠢᠯᠲᠡ ᠶᠢᠨ ᠨᠥᠬᠦᠴᠡᠯ ᠰᠠᠶᠢᠨ᠂ ᠳᠠᠪᠠᠭᠤᠯᠢᠭ ᠲᠣᠪᠤᠶᠢᠮ᠎ᠠ ᠪᠠᠶᠢᠵᠤ᠂ ᠭᠦᠨ ᠵᠤᠵᠠᠭᠠᠨ ᠰᠠᠭᠤᠷᠢ ᠪᠠ ᠢᠯᠡ ᠲᠣᠳᠣ ᠣᠨᠴᠠᠯᠢᠭ ᠲᠠᠢ ᠪᠣᠭᠤᠮᠲᠠ ᠶᠢᠨ ᠬᠤᠲᠠ ᠮᠥᠨ᠃ ᠱᠧᠨᠶᠠᠩ ᠬᠤᠲᠠ ᠪᠣᠯᠤᠨ ᠡᠷᠢᠶᠡᠨ ᠬᠤᠲᠠ ᠶᠢᠨ ︽ᠨᠢᠭᠡ ᠪᠦᠰᠡ ᠨᠢᠭᠡ ᠵᠠᠮ︾᠂ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠬᠤᠶ ᠪᠠᠶᠢᠳᠠᠯ ᠳᠣᠤᠷ᠎ᠠ᠂ ᠨᠠᠮ ᠤᠨ ᠲᠥᠪ ᠬᠤᠷᠢᠶᠠᠨ ᠤ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠰᠠᠨᠠᠯ︾ ᠪᠣᠯᠤᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠬᠦᠯᠢ ᠴᠣᠭᠴᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢ ᠪᠠᠲᠤ ᠡᠵᠡᠮᠳᠡᠵᠦ᠂ ᠭᠠᠳᠠᠭᠠᠳᠤ ᠠᠵᠤ ᠠᠬᠤᠶ ᠠᠷᠠᠯᠵᠢᠶ᠎ᠠ ᠵᠡᠷᠭᠡ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠮᠣᠩᠭᠤᠯ ᠣᠷᠣᠰ ᠤᠨ ᠬᠠᠮᠲᠤᠷᠠᠯᠴᠠᠭ᠎ᠠ ᠪᠠᠷ ᠭᠤᠤᠯᠳᠠᠯᠭ᠎ᠠ ᠪᠣᠯᠭᠠᠭᠰᠠᠨ ᠪᠥᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠬᠤᠶᠠᠷ ᠭᠠᠵᠠᠷ ᠤᠨ ᠬᠤᠭᠤᠷᠣᠨᠳᠣᠬᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ ᠬᠠᠷᠢᠯᠴᠠᠨ ᠬᠠᠪᠰᠤᠷᠤᠯᠴᠠᠬᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠵᠤ ᠤᠮᠠᠷᠠᠰᠢ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号