ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠶ᠎ᠠ︕ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
  ᠣᠶᠢᠷ᠎ᠠ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ ᠬᠢᠨᠠᠭᠴᠢᠳ ᠤᠨ ᠳᠠᠷᠤᠭ᠎ᠠ ᠸᠠᠩ ᠵᠢᠩ ᠬᠤᠷᠠᠯ ᠳᠤ ᠣᠷᠣᠯᠴᠠᠪᠠ᠃    ᠬᠤᠷᠠᠯ ᠠᠴᠠ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ ᠤᠨ 2023 ᠣᠨ ᠤ ᠠᠵᠢᠯ ᠤᠨ ᠪᠠᠶᠢᠳᠠᠯ ᠤᠨ ᠮᠡᠳᠡᠭᠡᠯᠡᠯ᠂ 2023 ᠣᠨ ᠤ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠲᠤᠬᠠᠢ ᠵᠠᠷᠯᠠᠯ ᠢ ᠰᠣᠨᠣᠰᠪᠠ︔ ᠠᠩᠬᠠᠳᠤᠭᠠᠷ ᠬᠤᠭᠤᠴᠠᠭᠠᠨ ᠤ ᠬᠢᠨᠠᠭᠴᠢᠳ ᠤᠨ ᠵᠥᠪᠯᠡᠯ ᠤᠨ 2023 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃    2023 ᠣᠨ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠰᠡᠳᠬᠢᠯ ᠢ ᠳᠤᠯᠠᠭᠠᠴᠠᠭᠤᠯᠤᠨ ᠠᠷᠠᠳ ᠲᠤ ᠠᠰᠢᠭ ᠬᠦᠷᠲᠡᠭᠡᠵᠦ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠳᠠᠮᠵᠢᠭᠤᠯᠭ᠎ᠠ ᠶᠢᠨ ᠬᠦᠴᠦᠨ᠂ ᠬᠥᠲᠥᠯᠦᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠡᠨᠡ ᠵᠢᠯ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ︽ᠬᠤᠶᠠᠷ ᠶᠡᠭᠡ ᠶᠠᠪᠤᠳᠠᠯ︾ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ᠬᠥᠮᠦᠯᠢᠭ ᠰᠣᠶᠣᠯ ᠤᠨ ᠤᠯᠠᠮᠵᠢᠯᠠᠯ᠂ ᠬᠥᠮᠦᠯᠢᠭ ᠦᠵᠡᠯ ᠤᠨ ᠡᠬᠢ ᠪᠠᠶᠠᠯᠢᠭ ᠤᠨ ᠳᠠᠶᠢᠴᠢᠯᠠᠯᠲᠠ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾᠂ ᠬᠥᠮᠦᠯᠢᠭ ᠦᠵᠡᠯ ᠤᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯ ᠢ ᠰᠦᠪᠡᠭᠴᠢᠯᠡᠨ ᠥᠷᠨᠢᠭᠦᠯᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠬᠥᠭᠦᠷᠭᠡ ᠬᠤᠯᠪᠣᠭᠠᠰᠤ ᠪᠠ ᠬᠠᠪᠰᠤᠷᠤᠭᠴᠢ ᠪᠣᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠶᠠᠪᠤᠳᠠᠯ ᠬᠢᠵᠦ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠠᠨ ᠤ ᠬᠤᠲᠠ ᠶᠢᠨ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号