ᠪᠥᠬᠦ ᠬᠤᠲᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ ᠲᠥᠪᠯᠡᠷᠡᠭᠦᠯᠦᠨ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
      3 ᠰᠠᠷ᠎ᠠ ᠶᠢᠨ 19 ᠤ ᠡᠳᠦᠷ᠂ ᠪᠥᠬᠦ ᠬᠤᠲᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ ᠲᠥᠪᠯᠡᠷᠡᠭᠦᠯᠦᠨ ᠲᠤᠰᠢᠶᠠᠵᠤ ᠭᠦᠢᠴᠡᠳᠭᠡᠬᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠬᠠᠶ ᠰᠠᠨᠠᠯ ᠰᠠᠨᠠᠭᠤᠯᠭ᠎ᠠ ᠶᠢᠨ ᠬᠠᠮᠢᠶ᠎ᠠ ᠪᠥᠬᠦᠶ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠢ ᠳᠣᠭᠢᠷᠠᠭᠤᠯᠵᠤ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢ ᠤᠯᠠᠮ ᠨᠢᠭᠡ ᠠᠯᠬᠤᠮ ᠳᠠᠶᠢᠴᠢᠯᠠᠨ ᠦᠵᠡᠯ ᠰᠠᠨᠠᠭ᠎ᠠ ᠪᠠᠨ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠶ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ᠂ ᠪᠦᠬᠦ ᠬᠤᠲᠠ ᠳᠠᠶᠠᠭᠠᠷ ᠤᠯᠤᠰ ᠲᠥᠷᠥ ᠪᠠ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠠᠨᠠᠯ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠲᠥᠯᠥᠭᠡᠯᠡᠭᠴᠢ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠨᠢᠭᠲᠠ ᠬᠠᠮᠵᠢᠯᠴᠠᠨ ᠠᠵᠢᠯᠯᠠᠵᠤ᠂ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠵᠢᠷᠤᠮᠵᠢᠭᠤᠯᠤᠨ ᠰᠢᠢᠳᠪᠦᠷᠢᠯᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ᠃ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠢᠳᠪᠦᠷᠢᠯᠡᠬᠦ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠲᠥᠯᠥᠭᠡᠯᠡᠭᠴᠢ ᠭᠡᠰᠢᠭᠦᠳ ᠤᠨ ᠰᠠᠨᠠᠯ ᠢ ᠭᠦᠨᠵᠡᠭᠡᠢ ᠬᠤᠷᠢᠶᠠᠵᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠡᠨᠡ ᠵᠢᠯ ᠤᠨ ᠡᠯ᠎ᠡ ᠵᠦᠢᠯ ᠤᠨ ᠰᠢᠢᠳᠪᠦᠷᠢᠯᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠲᠦᠷᠭᠡᠨ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号