ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠷᠭᠢᠯᠡᠭᠰᠡᠨ ︽ᠴᠢᠨᠠᠷ ᠰᠠᠶᠢᠲᠠᠶ ᠡᠶᠡᠳᠡᠭᠦᠯᠬᠦ ᠣᠨ︾ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠠᠴᠠ ᠣᠶᠢᠯᠠᠭᠠᠭᠰᠠᠨ ᠨᠢ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ 3 ᠰᠠᠷ᠎ᠠ ᠠᠴᠠ 11 ᠰᠠᠷ᠎ᠠ ᠪᠣᠯᠲᠠᠯ᠎ᠠ ᠪᠥᠬᠦ ᠬᠤᠲᠠ ᠳᠤ ︽ᠴᠢᠨᠠᠷ ᠰᠠᠶᠢᠲᠠᠶ ᠡᠶᠡᠳᠡᠭᠦᠯᠬᠦ ᠣᠨ︾ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠪᠣᠭᠤᠮᠲᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠪᠡ᠃      ᠬᠤᠷᠠᠯ ᠠᠴᠠ᠂ ᠡᠶᠡᠳᠡᠭᠦᠯᠬᠦ ᠠᠵᠢᠯ ᠤᠨ ᠡᠭᠦᠷᠭᠡ ᠴᠢᠳᠠᠪᠬᠢ ᠶᠢᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ ᠨᠡᠶᠢᠭᠡᠮ ᠲᠣᠭᠤᠷᠢᠭ᠂ ᠭᠠᠴᠠᠭᠠᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠣᠯᠤᠨ ᠡᠶᠡᠳᠡᠭᠦᠯᠦᠭᠴᠢ ᠶᠢ ᠲᠠᠶᠢᠴᠢᠯᠠᠨ᠂ ᠦᠨᠳᠦᠰᠦᠨ ᠱᠠᠲᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠭᠦᠨᠵᠡᠭᠡᠢ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠢ ᠪᠣᠯᠭᠠᠬᠤ ᠬᠡᠷᠡᠭᠲᠡᠢ︔ ᠤᠯᠠᠨ ᠵᠦᠢᠯ ᠤᠨ ᠡᠶᠡᠳᠡᠭᠦᠯᠬᠦ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠬᠠᠤᠯᠢ ᠲᠣᠭᠲᠠᠭᠠᠯ ᠶᠣᠰᠣᠭᠠᠷ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠴᠠᠭ ᠲᠤᠬᠠᠢ ᠳᠤᠨᠢ ᠢᠯᠡᠷᠡᠭᠦᠯᠦᠭᠰᠡᠨ ᠦᠭᠡᠢ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠬᠠᠮᠲᠤᠷᠠᠨ ᠬᠥᠳᠡᠯᠦᠯᠴᠡᠵᠦ ᠬᠠᠮᠲᠤᠷᠠᠨ ᠵᠠᠰᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠡᠶᠡᠳᠡᠭᠦᠯᠬᠦ ᠡᠬᠢ ᠪᠠᠶᠠᠯᠢᠭ ᠢ ᠪᠦᠲᠦᠮᠵᠢᠲᠡᠢ ᠡᠮᠬᠢᠯᠡᠨ ᠨᠡᠶᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠡᠶᠡᠳᠡᠭᠦᠯᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号