【 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ 】 ᠬᠤᠲᠠ ᠶᠢᠨ ᠤᠳᠤᠷᠢᠳᠤᠯᠭ᠎ᠠ ᠰᠤᠷᠭᠠᠭᠤᠯᠢ ᠶᠢᠨ ᠪᠠᠭᠰᠢ ᠠᠵᠢᠯᠲᠠᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/3/21
     3 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ ᠲᠠᠪᠤᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠪᠥᠬᠦ ᠪᠠᠭᠰᠢ ᠠᠵᠢᠯᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠤᠬᠠᠭᠤᠯᠤᠨ ᠲᠠᠶᠢᠯᠪᠤᠷᠢᠯᠠᠵᠤ᠂ ᠣᠯᠠᠨ ᠳᠤ ᠠᠮᠢᠳᠤᠯᠢᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠷᠤᠭᠰᠠᠨ ᠪᠠᠶᠢᠨ᠎ᠠ᠃      ᠬᠢᠴᠢᠶᠡᠯ ᠳᠡᠭᠡᠷ᠎ᠡ᠂ ᠤᠯᠠᠭᠠᠨ ᠰᠤᠷᠤᠯᠴᠠᠯᠭ᠎ᠠ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠠᠴᠢ ᠬᠤᠯᠪᠣᠭᠳᠠᠯ᠂ ︽ᠵᠢᠷᠭᠤᠭᠠᠨ ᠦᠭᠡ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠶ ᠣᠶᠢᠯᠠᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠᠬᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠳᠦᠯ ᠢ ᠬᠡᠷᠬᠢᠨ ᠨᠠᠩ ᠰᠠᠶᠢᠲᠤᠷ ᠪᠠᠳᠠᠷᠠᠭᠤᠯᠬᠤ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠪᠠᠭᠰᠢ ᠠᠵᠢᠯᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠭᠤᠤᠯ ᠴᠢᠮᠥᠭᠡ ᠪᠠ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠶ ᠡᠵᠡᠮᠰᠢᠭᠦᠯᠵᠦ᠂ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡᠨ ᠬᠠᠮᠲᠤᠳᠬᠠᠬᠤ︾᠂ ︽ᠲᠠᠪᠤᠨ ᠮᠡᠳᠡᠷᠡᠮᠵᠢ︾ ᠶᠢ ᠪᠠᠲᠤ ᠴᠡᠭᠡᠵᠢᠯᠡᠵᠦ᠂ ᠵᠥᠪ ︽ᠲᠠᠪᠤᠨ           ᠦᠵᠡᠯᠲᠡ︾ ᠶᠢ ᠪᠣᠶ ᠪᠣᠯᠭᠠᠪᠠ᠃      ᠤᠯᠠᠭᠠᠨ᠂ ᠦᠨᠳᠦᠰᠦᠲᠡᠨ ᠤ ᠭᠠᠵᠠᠷ ᠣᠷᠣᠨ ᠤ ᠪᠠᠭᠰᠢ ᠠᠵᠢᠯᠲᠠᠨ ᠠᠵᠢᠯᠴᠢᠨ ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠤᠯᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ︔ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ︽ᠭᠤᠣᠯ ᠠᠷᠭ᠎ᠠ ᠵᠠᠮ︾ ᠢ ᠰᠠᠶᠢᠲᠤᠷ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠢ ᠢᠳᠡᠪᠬᠢᠲᠡᠢ ᠥᠷᠨᠢᠭᠦᠯᠵᠦ᠂ ᠪᠣᠰᠤᠭ᠎ᠠ ᠴᠣᠭᠴᠠᠲᠤ ᠬᠢᠴᠢᠶᠡᠯ ᠤᠨ ᠰᠢᠰᠲ᠋ᠧᠮ ᠢ ᠢᠳᠡᠪᠬᠢᠲᠡᠢ ᠪᠠᠶᠢᠭᠤᠯᠬᠤ ᠬᠡᠷᠡᠭᠲᠡᠢ︔ ᠰᠣᠶᠣᠯ ᠢ ᠤᠮᠳᠠᠯᠠᠵᠤ᠂ ᠴᠢᠨᠠᠷ ᠰᠠᠶᠢᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠢ ᠡᠭᠦᠳᠴᠦ᠂ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号