【 ᠪᠢ ᠣᠯᠠᠨ ᠲᠦᠮᠡᠨ ᠳᠤ ᠪᠣᠳᠠᠲᠠᠢ ᠠᠵᠢᠯ ᠬᠢᠨ᠎ᠡ】 ᠮᠠᠰᠢᠨ ᠲᠡᠷᠭᠡᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ︽ᠨᠢᠭᠡ ᠥᠷᠲᠡᠭᠡ ᠳᠤ ᠨᠡᠶᠢᠳᠡᠮ ᠭᠦᠢᠴᠡᠳᠭᠡᠬᠦ︾ ᠪᠠᠷ ᠮᠠᠯᠴᠢᠨ ᠲᠠᠷᠢᠶᠠᠴᠢᠨ ᠢ ᠬᠠᠪᠰᠤᠷᠤᠨ ︽ᠳᠥᠭᠦᠮ ᠳᠥᠲᠡ ᠭᠦᠢᠴᠡᠳᠭᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/21
  ᠣᠳᠣᠬᠠᠨ ᠳᠤ ᠶᠠᠭ ᠰᠠᠶᠢᠬᠠᠨ ︽ᠬᠠᠪᠤᠷ ᠤᠨ ᠶᠠᠭᠠᠷᠠᠤ︾ ᠴᠠᠭ ᠦᠶ᠎ᠡ ᠪᠣᠯᠵᠤ ᠪᠠᠶᠢᠨ᠎ᠠ᠃ ᠮᠠᠨ ᠤ ᠬᠤᠲᠠ ᠶᠢᠨ ᠮᠠᠯᠴᠢᠨ ᠲᠠᠷᠢᠶᠠᠴᠢᠨ ᠬᠤᠲᠠ ᠣᠷᠣᠵᠤ ᠲᠡᠷᠭᠡ ᠬᠥᠰᠬᠡ ᠶᠢᠨ ᠲᠤᠬᠠᠶᠢᠯᠠᠭᠰᠠᠨ ᠠᠵᠢᠯ ᠢ ᠬᠦᠢᠴᠡᠳᠬᠡᠬᠦ ᠳᠤ ᠳᠥᠭᠦᠮ ᠦᠭᠡᠢ ᠪᠠᠶᠢᠬᠤ ᠪᠣᠳᠠᠲᠠᠶ ᠪᠠᠶᠢᠳᠠᠯ ᠢ ᠰᠠᠶᠢᠲᠤᠷ ᠰᠢᠢᠳᠪᠣᠷᠢᠯᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠳᠣᠯᠠᠳᠠ᠂ 3 ᠰᠠᠷ᠎ᠠ ᠶᠢᠨ 20 ᠤ ᠡᠳᠦᠷ᠂ ᠬᠤᠲᠠ ᠶᠢᠨ ᠭᠡᠷᠡᠯᠳᠦᠠᠣᠳᠦ ᠬᠢᠯᠢ ᠶᠢᠨ ᠲᠣᠮᠢᠯᠠᠭᠰᠠᠨ ᠰᠠᠯᠪᠤᠷᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ ᠰᠠᠶᠢᠬᠤᠰᠤ ᠭᠠᠴᠠᠭ᠎ᠠ ᠳᠤ ︽ᠨᠢᠭᠡ ᠥᠷᠲᠡᠭᠡ ᠪᠠᠷ ᠨᠡᠶᠢᠳᠡᠮ ᠬᠦᠢᠴᠡᠳᠬᠡᠬᠦ︾ ᠣᠯᠠᠨ ᠲᠦᠮᠡᠨ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠠᠷᠠᠳ ᠤᠨ ᠴᠠᠭᠳᠠᠭ᠎ᠠ ᠮᠠᠯᠴᠢᠨ ᠲᠠᠷᠢᠶᠠᠴᠢᠨ ᠳᠤ ᠬᠢᠨᠠᠨ ᠪᠠᠶᠢᠴᠠᠭᠠᠭᠰᠠᠨ ᠮᠠᠲ᠋ᠧᠷᠢᠶᠠᠯ᠂ ᠲᠡᠷᠭᠡ ᠬᠥᠰᠬᠡ ᠶᠢ ᠰᠢᠯᠭᠠᠨ ᠪᠠᠶᠢᠴᠠᠭᠠᠬᠤ᠂ ᠫᠠᠶᠢᠰᠠ ᠤᠭᠰᠠᠷᠠᠬᠤ ᠵᠡᠷᠭᠡ ᠦᠢᠯᠡᠴᠢᠯᠡᠭᠡ ᠬᠠᠩᠭᠠᠵᠤ᠂ ᠣᠯᠠᠨ ᠤ ᠮᠠᠳᠠᠭ ᠲᠠᠢ ᠠᠰᠠᠭᠤᠯᠲᠠ ᠳᠤ ᠨᠢᠭᠡᠳ ᠨᠢᠭᠡ ᠪᠠᠷ ᠨᠠᠷᠢᠨ ᠬᠠᠷᠢᠭᠤᠯᠲᠠ ᠥᠭᠪᠡ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠪᠠᠰᠠ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠠᠮᠤᠷ ᠲᠦᠪᠰᠢᠨ ᠤ ᠮᠠᠯᠠᠭᠠᠢ ᠪᠠᠨ ᠵᠡᠭᠦᠬᠦ ᠥᠬᠡᠶ᠂ ᠵᠠᠮ ᠰᠦᠷᠴᠦ ᠶᠠᠪᠣᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠤᠭᠰᠠᠨ ᠬᠦᠨᠳᠦ ᠨᠣᠴᠢᠲᠠᠶ ᠬᠤᠤᠷ ᠬᠥᠨᠥᠭᠡᠯ ᠢ ᠲᠠᠶᠢᠯᠪᠤᠷᠢᠯᠠᠵᠤ᠂ ᠮᠠᠯᠴᠢᠨ ᠲᠠᠷᠢᠶᠠᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢ ᠨᠢ ᠴᠢᠩᠭᠠᠷᠠᠭᠤᠯᠤᠨ᠂ ᠠᠮᠤᠷ ᠲᠦᠪᠰᠢᠨ ᠢᠶᠠᠷ ᠶᠠᠪᠤᠵᠤ ᠰᠠᠭᠤᠬᠤ᠂ ᠪᠣᠯᠪᠠᠰᠤᠨ ᠢᠶᠠᠷ ᠶᠠᠪᠤᠵᠤ ᠰᠠᠭᠤᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃    ᠣᠶᠢᠯᠠᠭᠠᠭᠰᠠᠨ ᠢᠶᠠᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠲᠠᠢ ᠣᠶᠢᠷᠠᠲᠤᠬᠤ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠦᠢᠯᠡᠴᠢᠯᠡᠭᠡ ᠪᠠ ᠠᠮᠤᠷ ᠲᠦᠪᠰᠢᠨ ᠤ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠮᠠᠯᠴᠢᠨ ᠲᠠᠷᠢᠶᠠᠴᠢᠨ ᠢ ᠰᠠᠨᠠᠭ᠎ᠠ ᠠᠮᠤᠷ ᠠᠭᠤᠷ ᠠᠮᠢᠰᠬᠤᠯ ᠤᠨ ᠳᠤᠮᠳᠠ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠵᠤ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号