| | ᠣᠳᠣᠬᠠᠨ ᠳᠤ ᠶᠠᠭ ᠰᠠᠶᠢᠬᠠᠨ ︽ᠬᠠᠪᠤᠷ ᠤᠨ ᠶᠠᠭᠠᠷᠠᠤ︾ ᠴᠠᠭ ᠦᠶ᠎ᠡ ᠪᠣᠯᠵᠤ ᠪᠠᠶᠢᠨ᠎ᠠ᠃ ᠮᠠᠨ ᠤ | ᠬᠤᠲᠠ ᠶᠢᠨ ᠮᠠᠯᠴᠢᠨ ᠲᠠᠷᠢᠶᠠᠴᠢᠨ ᠬᠤᠲᠠ ᠣᠷᠣᠵᠤ ᠲᠡᠷᠭᠡ ᠬᠥᠰᠬᠡ ᠶᠢᠨ ᠲᠤᠬᠠᠶᠢᠯᠠᠭᠰᠠᠨ ᠠᠵᠢᠯ ᠢ | ᠬᠦᠢᠴᠡᠳᠬᠡᠬᠦ ᠳᠤ ᠳᠥᠭᠦᠮ ᠦᠭᠡᠢ ᠪᠠᠶᠢᠬᠤ ᠪᠣᠳᠠᠲᠠᠶ ᠪᠠᠶᠢᠳᠠᠯ ᠢ ᠰᠠᠶᠢᠲᠤᠷ ᠰᠢᠢᠳᠪᠣᠷᠢᠯᠡᠵᠦ᠂ ᠣᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠳᠣᠯᠠᠳᠠ᠂ 3 ᠰᠠᠷ᠎ᠠ ᠶᠢᠨ 20 ᠤ ᠡᠳᠦᠷ᠂ | ᠬᠤᠲᠠ ᠶᠢᠨ ᠭᠡᠷᠡᠯᠳᠦᠠᠣᠳᠦ ᠬᠢᠯᠢ ᠶᠢᠨ ᠲᠣᠮᠢᠯᠠᠭᠰᠠᠨ ᠰᠠᠯᠪᠤᠷᠢ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠡᠷᠭᠡ ᠬᠥᠰᠬᠡ ᠶᠢᠨ | ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ᠂ ᠰᠠᠶᠢᠬᠤᠰᠤ ᠭᠠᠴᠠᠭ᠎ᠠ ᠳᠤ ︽ᠨᠢᠭᠡ ᠥᠷᠲᠡᠭᠡ ᠪᠠᠷ ᠨᠡᠶᠢᠳᠡᠮ | ᠬᠦᠢᠴᠡᠳᠬᠡᠬᠦ︾ ᠣᠯᠠᠨ ᠲᠦᠮᠡᠨ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠠᠷᠠᠳ ᠤᠨ ᠴᠠᠭᠳᠠᠭ᠎ᠠ | ᠮᠠᠯᠴᠢᠨ ᠲᠠᠷᠢᠶᠠᠴᠢᠨ ᠳᠤ ᠬᠢᠨᠠᠨ ᠪᠠᠶᠢᠴᠠᠭᠠᠭᠰᠠᠨ ᠮᠠᠲ᠋ᠧᠷᠢᠶᠠᠯ᠂ ᠲᠡᠷᠭᠡ ᠬᠥᠰᠬᠡ ᠶᠢ ᠰᠢᠯᠭᠠᠨ ᠪᠠᠶᠢᠴᠠᠭᠠᠬᠤ᠂ | ᠫᠠᠶᠢᠰᠠ ᠤᠭᠰᠠᠷᠠᠬᠤ ᠵᠡᠷᠭᠡ ᠦᠢᠯᠡᠴᠢᠯᠡᠭᠡ ᠬᠠᠩᠭᠠᠵᠤ᠂ ᠣᠯᠠᠨ ᠤ ᠮᠠᠳᠠᠭ ᠲᠠᠢ ᠠᠰᠠᠭᠤᠯᠲᠠ ᠳᠤ ᠨᠢᠭᠡᠳ ᠨᠢᠭᠡ ᠪᠠᠷ | ᠨᠠᠷᠢᠨ ᠬᠠᠷᠢᠭᠤᠯᠲᠠ ᠥᠭᠪᠡ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠪᠠᠰᠠ ᠪᠣᠳᠠᠲᠠᠶ ᠬᠡᠷᠡᠭ ᠤᠨ | ᠵᠢᠱᠢᠶ᠎ᠡ ᠪᠠᠷ ᠳᠠᠮᠵᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠲᠠᠶᠢᠯᠪᠤᠷᠢᠯᠠᠵᠤ᠂ ᠠᠮᠤᠷ ᠲᠦᠪᠰᠢᠨ ᠤ ᠮᠠᠯᠠᠭᠠᠢ ᠪᠠᠨ ᠵᠡᠭᠦᠬᠦ ᠥᠬᠡᠶ᠂ ᠵᠠᠮ ᠰᠦᠷᠴᠦ ᠶᠠᠪᠣᠬᠤ ᠵᠡᠷᠭᠡ | ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠤᠭᠰᠠᠨ ᠬᠦᠨᠳᠦ ᠨᠣᠴᠢᠲᠠᠶ ᠬᠤᠤᠷ | ᠬᠥᠨᠥᠭᠡᠯ ᠢ ᠲᠠᠶᠢᠯᠪᠤᠷᠢᠯᠠᠵᠤ᠂ ᠮᠠᠯᠴᠢᠨ ᠲᠠᠷᠢᠶᠠᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠠᠮ | ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠪᠣᠯᠪᠠᠰᠤᠨ ᠵᠠᠮ | ᠬᠠᠷᠢᠯᠴᠠᠭᠠᠨ ᠤ ᠤᠬᠠᠮᠰᠠᠷ ᠢ ᠨᠢ ᠴᠢᠩᠭᠠᠷᠠᠭᠤᠯᠤᠨ᠂ ᠠᠮᠤᠷ ᠲᠦᠪᠰᠢᠨ ᠢᠶᠠᠷ ᠶᠠᠪᠤᠵᠤ ᠰᠠᠭᠤᠬᠤ᠂ ᠪᠣᠯᠪᠠᠰᠤᠨ ᠢᠶᠠᠷ | ᠶᠠᠪᠤᠵᠤ ᠰᠠᠭᠤᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ | ᠣᠶᠢᠯᠠᠭᠠᠭᠰᠠᠨ ᠢᠶᠠᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠲᠠᠢ | ᠣᠶᠢᠷᠠᠲᠤᠬᠤ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠦᠢᠯᠡᠴᠢᠯᠡᠭᠡ ᠪᠠ ᠠᠮᠤᠷ ᠲᠦᠪᠰᠢᠨ ᠤ ᠮᠡᠳᠡᠯᠭᠡ ᠶᠢ | ᠣᠯᠠᠨ ᠲᠦᠮᠡᠨ ᠤ ᠳᠡᠷᠭᠡᠳᠡ ᠬᠦᠷᠭᠡᠵᠦ᠂ ᠮᠠᠯᠴᠢᠨ ᠲᠠᠷᠢᠶᠠᠴᠢᠨ ᠢ ᠰᠠᠨᠠᠭ᠎ᠠ ᠠᠮᠤᠷ ᠠᠭᠤᠷ ᠠᠮᠢᠰᠬᠤᠯ ᠤᠨ ᠳᠤᠮᠳᠠ | ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠳᠡᠯ | ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠵᠤ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠡᠮᠬᠢ | ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ |