ᠡᠷᠢᠶᠡᠨ ᠬᠤᠲᠠ - ᠵᠠᠮ ᠤᠨ ᠡᠭᠦᠳᠡ ᠪᠣᠭᠤᠮᠲᠠ ᠶᠢᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/21
   3 ᠰᠠᠷ᠎ᠠ ᠶᠢᠨ 20 ᠤ ᠡᠳᠦᠷ᠂ ᠡᠷᠢᠶᠡᠨ ᠬᠤᠲᠠ - ᠵᠠᠮ ᠤᠨ ᠡᠭᠦᠳᠡ ᠪᠣᠭᠤᠮᠲᠠ ᠶᠢᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠮᠠᠨ ᠤ ᠬᠤᠲᠠ ᠳᠤ ᠬᠤᠷᠠᠯᠳᠤᠵᠤ᠂ ᠬᠤᠶᠠᠷ ᠲᠠᠯ᠎ᠠ ᠪᠠᠷ ᠢᠶᠠᠨ ᠣᠶᠢᠷ᠎ᠠ ᠶᠢᠨ ᠬᠤᠭᠤᠴᠠᠭᠠᠨ ᠤ ᠪᠣᠭᠤᠮᠲᠠ ᠶᠢᠨ ᠠᠵᠢᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠳᠠᠷᠤᠭ᠎ᠠ  ᠪ᠊᠂ ᠠᠩᠬᠠᠪᠠᠶᠠᠷ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠣᠶᠢᠷ᠎ᠠ ᠶᠢᠨ ᠬᠤᠭᠤᠴᠠᠭᠠᠨ ᠳᠤ ᠪᠣᠭᠤᠮᠲᠠ ᠪᠠᠷ ᠥᠩᠭᠡᠷᠡᠬᠦ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠣᠰ ᠲᠣᠰ ᠮᠡᠳᠡᠭᠳᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠪᠣᠭᠤᠮᠲᠠ ᠶᠢᠨ ᠪᠠᠷᠠᠭᠠᠨ ᠤ ᠬᠡᠪᠴᠢᠶ᠎ᠡ ᠶᠢ ᠥᠷᠭᠡᠳᠬᠡᠬᠦ ᠵᠡᠷᠭᠡ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠳᠤᠷᠠᠳᠪᠠ᠃ ᠬᠤᠶᠠᠷ ᠲᠠᠯ᠎ᠠ ᠪᠠᠷ ᠢᠶᠠᠨ ᠪᠠᠰᠠ ᠲᠡᠷᠭᠡ ᠬᠥᠰᠬᠡ ᠨᠡᠪᠲᠡᠷᠡᠬᠦ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠡᠮ ᠡᠮᠨᠡᠯᠭᠡ ᠶᠢᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠨᠠᠷᠢᠨ ᠨᠢᠭᠲᠠ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠶᠠᠷ ᠲᠠᠯ᠎ᠠ ᠪᠠᠷ ᠢᠶᠠᠨ ᠴᠠᠭ ᠲᠤᠬᠠᠢ ᠳᠤᠨᠢ ᠤᠯᠤᠯᠴᠠᠭ᠎ᠠ ᠰᠣᠯᠢᠯᠴᠠᠭ᠎ᠠ ᠬᠢᠵᠦ᠂ ᠪᠣᠭᠤᠮᠲᠠ ᠪᠠᠷ ᠥᠩᠭᠡᠷᠡᠬᠦ ᠳᠤᠮᠳᠠ ᠲᠤᠯᠭᠠᠷᠠᠭᠰᠠᠨ ᠠᠰᠠᠭᠤᠳᠠᠯ  ᠢ ᠵᠣᠬᠢᠴᠠᠭᠤᠯᠤᠨ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠰᠡᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂  ᠬᠤᠶᠠᠷ ᠲᠠᠯ᠎ᠠ ᠶᠢᠨ ᠠᠷᠠᠯᠵᠢᠶ᠎ᠠ᠂ ᠠᠷᠠᠳ ᠤᠨ ᠠᠮᠢᠳᠤᠷᠠᠯ ᠵᠡᠷᠭᠡ ᠲᠠᠯ᠎ᠠ ᠶᠢᠨ ᠠᠯᠤᠰ ᠬᠡᠳᠤ ᠶᠢᠨ ᠬᠠᠮᠲᠤᠷᠠᠯᠴᠠᠭ᠎ᠠ ᠶᠢ ᠠᠬᠢᠭᠤᠯᠵᠤ᠂   ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ  ᠰᠠᠶᠢᠲᠠᠢ  ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃     ᠬᠤᠶᠠᠷ ᠲᠠᠯ᠎ᠠ ᠶᠢᠨ ᠬᠤᠳᠠᠯᠳᠤᠭᠠᠨ ᠤ ᠶᠠᠪᠤᠳᠠᠯ᠂ ᠭᠠᠳᠠᠭᠠᠳᠤ ᠶᠠᠪᠤᠳᠠᠯ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ᠂ ᠡᠷᠡᠭᠦᠯ ᠬᠠᠮᠠᠭᠠᠯᠠᠯ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠲᠡᠮᠦᠷ ᠵᠠᠮ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号