| | 3 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ ᠲᠠᠪᠤᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠪᠥᠬᠦ ᠪᠠᠭᠰᠢ | ᠠᠵᠢᠯᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ︽ᠵᠢᠷᠭᠤᠭᠠᠨ | ᠦᠭᠡ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠤᠬᠠᠭᠤᠯᠤᠨ ᠲᠠᠶᠢᠯᠪᠤᠷᠢᠯᠠᠵᠤ᠂ ᠣᠯᠠᠨ ᠳᠤ ᠠᠮᠢᠳᠤᠯᠢᠭ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠷᠤᠭᠰᠠᠨ ᠪᠠᠶᠢᠨ᠎ᠠ᠃ | ᠬᠢᠴᠢᠶᠡᠯ ᠳᠡᠭᠡᠷ᠎ᠡ᠂ ᠤᠯᠠᠭᠠᠨ ᠰᠤᠷᠤᠯᠴᠠᠯᠭ᠎ᠠ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠠᠴᠢ | ᠬᠤᠯᠪᠣᠭᠳᠠᠯ᠂ ︽ᠵᠢᠷᠭᠤᠭᠠᠨ ᠦᠭᠡ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠶ | ᠣᠶᠢᠯᠠᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠳᠤᠮᠳᠠᠬᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠳᠦᠯ ᠢ ᠬᠡᠷᠬᠢᠨ ᠨᠠᠩ ᠰᠠᠶᠢᠲᠤᠷ ᠪᠠᠳᠠᠷᠠᠭᠤᠯᠬᠤ ᠵᠡᠷᠭᠡ | ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠪᠠᠭᠰᠢ ᠠᠵᠢᠯᠲᠠᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠭᠤᠤᠯ ᠴᠢᠮᠥᠭᠡ ᠪᠠ | ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠶ ᠡᠵᠡᠮᠰᠢᠭᠦᠯᠵᠦ᠂ ︽ᠭᠤᠷᠪᠠᠨ ᠰᠠᠯᠵᠤ ᠴᠢᠳᠠᠬᠤ ᠥᠬᠡᠶ︾᠂ ︽ | ᠳᠥᠷᠪᠡᠨ ᠬᠠᠮᠲᠤᠳᠬᠠᠬᠤ︾᠂ ︽ᠲᠠᠪᠤᠨ ᠮᠡᠳᠡᠷᠡᠮᠵᠢ︾ ᠶᠢ ᠪᠠᠲᠤ ᠴᠡᠭᠡᠵᠢᠯᠡᠵᠦ᠂ ᠵᠥᠪ ︽ᠲᠠᠪᠤᠨ ᠦᠵᠡᠯᠲᠡ︾ | ᠶᠢ ᠪᠣᠶ ᠪᠣᠯᠭᠠᠪᠠ᠃ | ᠤᠯᠠᠭᠠᠨ᠂ ᠦᠨᠳᠦᠰᠦᠲᠡᠨ ᠤ ᠭᠠᠵᠠᠷ ᠣᠷᠣᠨ ᠤ ᠪᠠᠭᠰᠢ ᠠᠵᠢᠯᠲᠠᠨ ᠠᠵᠢᠯᠴᠢᠨ ᠪᠣᠯᠤᠭᠰᠠᠨ ᠤ ᠬᠤᠪᠢ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠯ᠎ᠠ ᠪᠠᠷ | ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠤᠯᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ︔ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ︽ᠭᠤᠣᠯ ᠠᠷᠭ᠎ᠠ ᠵᠠᠮ︾ ᠢ ᠰᠠᠶᠢᠲᠤᠷ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠢ ᠢᠳᠡᠪᠬᠢᠲᠡᠢ ᠥᠷᠨᠢᠭᠦᠯᠵᠦ᠂ | ᠪᠣᠰᠤᠭ᠎ᠠ ᠴᠣᠭᠴᠠᠲᠤ ᠬᠢᠴᠢᠶᠡᠯ ᠤᠨ ᠰᠢᠰᠲ᠋ᠧᠮ ᠢ ᠢᠳᠡᠪᠬᠢᠲᠡᠢ ᠪᠠᠶᠢᠭᠤᠯᠬᠤ ᠬᠡᠷᠡᠭᠲᠡᠢ︔ ᠰᠣᠶᠣᠯ ᠢ ᠤᠮᠳᠠᠯᠠᠵᠤ᠂ | ᠴᠢᠨᠠᠷ ᠰᠠᠶᠢᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠢ ᠡᠭᠦᠳᠴᠦ᠂ ᠨᠠᠮ ᠤᠨ ᠠᠴᠢ ᠶᠢ ᠮᠡᠳᠡᠷᠡᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠢᠴᠢᠭ | ᠵᠢᠭᠠᠵᠤ ᠬᠥᠮᠦᠨ ᠢ ᠬᠥᠮᠦᠵᠢᠭᠦᠯᠬᠦ ᠬᠡᠷᠡᠭᠲᠡᠢ ᠭᠡᠪᠡ᠃ |