ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/3/25
                     ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ      ᠲᠦᠷᠦ ᠵᠠᠬᠢᠳᠠᠯ ︹2022︺ 40 ᠳ᠋ᠤᠭᠡᠷ ᠲᠣᠭᠠᠲᠤ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠳᠠᠯᠳᠤᠭᠠᠨ ᠤ ᠶᠠᠪᠤᠳᠠᠯ ᠤᠨ ᠶᠠᠮᠤᠨ᠄      ᠲᠠᠨ ᠤ ︽ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠤᠳᠠᠯᠳᠤᠭ᠎ᠠ ᠡᠬᠢ ᠪᠠᠶᠠᠯᠢᠭ ᠲᠠᠷᠬᠠᠭᠠᠭᠰᠠᠨ ︹2020︺ 23 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄      ᠨᠢᠭᠡ᠂ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ︵ᠳᠣᠷᠣᠭᠰᠢ ᠬᠠᠮᠲᠤᠷᠠᠯᠴᠠᠭᠠᠨ ᠤ ᠣᠷᠣᠨ ᠭᠡᠵᠦ ᠲᠣᠪᠴᠢᠯᠠᠨ᠎ᠠ︶ ᠪᠠᠶᠢᠭᠤᠯᠬᠤ ᠶᠢ ᠵᠥᠪᠰᠢᠶᠡᠷᠡᠨ᠎ᠡ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠤᠯᠤᠰ ᠤᠨ ᠲᠠᠯ᠎ᠠ ᠶᠢᠨ ᠣᠷᠣᠨ ᠪᠦᠰᠡ ᠶᠢᠨ ᠲᠠᠯᠠᠪᠠᠶ 9.03 ᠲᠡᠭᠰᠢ ᠳᠥᠷᠪᠡᠯᠵᠢᠨ ᠺᠢᠯᠣᠮᠧᠲᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢᠨ ᠳᠤᠮᠳᠠᠳᠤ ᠮᠣᠩᠭᠤᠯ ᠤᠨ ᠬᠢᠯᠢ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠤᠨ ᠬᠤᠶᠢᠲᠤ ᠲᠠᠯ᠎ᠠ ᠳᠤ ᠪᠠᠶᠢᠷᠢᠯᠠᠵᠤ᠂ ᠳᠦᠷᠪᠡᠨ ᠳᠡᠰᠢ ᠵᠡᠭᠦᠨᠰᠢ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ 70 ᠮᠧᠲᠷ᠂ ᠡᠮᠦᠨᠡᠰᠢ ᠪᠠᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠲᠣᠣᠷ ᠬᠦᠷᠢᠶ᠎ᠡ ᠬᠡᠷᠡᠰᠬᠡ᠂ ᠪᠠᠷᠠᠭᠤᠨᠰᠢ ᠪᠠᠨ ᠬᠢᠯᠢ ᠶᠢᠨ ᠬᠠᠷᠠᠭᠤᠯ ᠤᠨ ᠭᠠᠵᠠᠷ 600 ᠮᠧᠲᠷ᠂ ᠤᠮᠠᠷᠠᠰᠢ ᠬᠢᠯᠢ ᠶᠢᠨ ᠬᠠᠮᠠᠭᠠᠯᠠᠯᠲᠠ ᠶᠢᠨ ᠬᠤᠷᠢᠭᠠᠲᠤ ᠣᠷᠣᠨ ᠤ ᠡᠮᠦᠨ᠎ᠡ ᠵᠠᠬ᠎ᠠ ᠬᠦᠷᠦᠨ᠎ᠡ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢ ᠵᠡᠭᠦᠨ᠂ ᠪᠠᠷᠠᠭᠤᠨ ᠬᠤᠶᠠᠷ ᠲᠣᠭᠤᠷᠢᠭ ᠬᠤᠪᠢᠶᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠣᠷᠣᠨ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢᠨ ᠬᠠᠮᠲᠤ ᠣᠷᠣᠨ ᠪᠦᠰᠡ ᠶᠢᠨ ᠬᠤᠭᠤᠷᠣᠨᠳᠣ ᠲᠤᠰᠠᠭᠠᠷᠯᠠᠬᠤ ᠲᠥᠬᠦᠭᠡᠷᠦᠮᠵᠢ ᠪᠠᠶᠢᠭᠤᠯᠬᠤ ᠬᠡᠷᠡᠭᠲᠡᠢ᠃ ᠡᠭᠦᠨ ᠳᠤ᠂ ᠵᠡᠭᠦᠨ ᠲᠣᠭᠤᠷᠢᠭ ᠤᠨ ᠲᠠᠯᠠᠪᠠᠶ ᠨᠢ 4.31 ᠲᠡᠭᠰᠢ ᠳᠥᠷᠪᠡᠯᠵᠢᠨ ᠺᠢᠯᠣᠮᠧᠲᠷ᠂  ᠳᠦᠷᠪᠡᠨ ᠳᠡᠰᠢ ᠵᠡᠭᠦᠨᠰᠢ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠨᠡᠪᠲᠡᠷᠡᠯ ᠵᠠᠮ 70 ᠮᠧᠲᠷ᠂ ᠡᠮᠦᠨᠡᠰᠢ ᠪᠠᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠠᠴᠠ ᠲᠣᠣᠷ ᠲᠤ ᠬᠦᠷᠢᠶ᠎ᠡ ᠬᠡᠷᠡᠰᠭᠡ ᠬᠦᠷᠦᠨ᠎ᠡ᠂ ᠪᠠᠷᠠᠭᠤᠨ ᠠᠴᠠ ᠪᠠᠷᠠᠭᠤᠨᠰᠢ 1 ᠵᠠᠮ᠂ ᠤᠮᠠᠷᠠᠰᠢ ᠬᠢᠯᠢ ᠶᠢᠨ ᠬᠠᠮᠠᠭᠠᠯᠠᠯᠲᠠ ᠶᠢᠨ ᠬᠤᠷᠢᠭᠠᠲᠤ ᠣᠷᠣᠨ ᠤ ᠡᠮᠦᠨ᠎ᠡ ᠵᠠᠭᠠᠭ ᠬᠦᠷᠦᠨ᠎ᠡ︔ ᠪᠠᠷᠠᠭᠤᠨ ᠣᠷᠣᠨ ᠤ ᠲᠠᠯᠠᠪᠠᠢ ᠨᠢ 4.72 ᠲᠡᠭᠰᠢ ᠳᠥᠷᠪᠡᠯᠵᠢᠨ ᠺᠢᠯᠣᠮᠧᠲᠷ᠂ ᠳᠦᠷᠪᠡᠨ ᠳᠡᠰᠢ ᠪᠠᠷᠠᠭᠤᠨᠰᠢ 1 ᠵᠠᠮ᠂ ᠡᠮᠦᠨᠡᠰᠢ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠲᠣᠣᠷ ᠲᠤ ᠬᠦᠷᠴᠦ᠂ ᠪᠠᠷᠠᠭᠤᠨᠰᠢ ᠪᠠᠨ ᠬᠢᠯᠢ ᠶᠢᠨ ᠬᠠᠮᠠᠭᠠᠯᠠᠯᠲᠠ ᠶᠢᠨ ᠬᠤᠷᠢᠭᠠᠲᠤ ᠣᠷᠣᠨ ᠤ ᠡᠮᠦᠨ᠎ᠡ ᠬᠢᠯᠢ ᠪᠣᠯᠤᠨ᠎ᠠ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠶᠢ ᠪᠣᠳᠠᠲᠠᠶ ᠵᠠᠭᠠᠭ ᠱᠤᠭᠤᠮ ᠤᠨ ᠪᠠᠶᠢᠷᠢᠰᠢᠯ ᠢᠶᠠᠷ ᠡᠵᠡᠮᠳᠡᠵᠦ᠂ ᠵᠠᠭᠠᠭ ᠱᠤᠭᠤᠮ ᠤᠨ ᠪᠠᠶᠢᠷᠢ ᠶᠢᠨ ᠪᠠᠶᠢᠷᠢᠰᠢᠯ ᠢ ᠬᠤᠳᠠᠯᠳᠤᠭᠠᠨ ᠤ ᠶᠠᠪᠤᠳᠠᠯ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠬᠠᠷᠢᠭᠤᠴᠠᠨ ᠨᠡᠶᠢᠲᠡᠯᠡᠨ᠎ᠡ᠃      ᠬᠤᠶᠠᠷ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠤᠯᠤᠰ ᠤᠨ ᠲᠠᠯ᠎ᠠ ᠶᠢᠨ ᠣᠷᠣᠨ ᠪᠦᠰᠡ ᠶᠢᠨ ᠪᠦᠳᠦᠭᠡᠨ ᠪᠠᠶᠢᠭᠤᠯᠤᠯᠲᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠲᠤᠰ ᠭᠠᠵᠠᠷ ᠤᠨ ᠣᠨᠴᠠᠯᠢᠭ ᠳᠠᠪᠠᠭᠤᠯᠢᠭ ᠲᠠᠭᠠᠨ ᠰᠠᠭᠤᠷᠢᠯᠠᠵᠤ᠂ ᠤᠯᠠᠨ ᠤᠯᠤᠰ ᠤᠨ ᠠᠷᠠᠯᠵᠢᠶ᠎ᠠ᠂ ᠤᠯᠠᠨ ᠤᠯᠤᠰ ᠤᠨ ᠪᠠᠷᠠᠭᠠᠨ ᠤ ᠭᠦᠢᠯᠭᠡᠭᠡ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠡᠳ᠋ᠰᠢᠭᠦᠯᠦᠯᠲᠡ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠦᠢᠯᠡᠴᠢᠯᠡᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠳᠠᠭᠠᠤ ᠭᠠᠵᠠᠷ ᠣᠷᠣᠨ ᠤ ᠥᠨᠳᠥᠷ ᠲᠦᠪᠰᠢᠨ ᠪᠦᠬᠦᠢ ᠨᠡᠭᠡᠭᠡᠯᠲᠡᠲᠦ ᠲᠠᠪᠴᠠᠩ᠂ ︽ᠨᠢᠭᠡ ᠪᠦᠰᠡ ᠨᠢᠭᠡ ᠵᠠᠮ︾ ᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠶᠢ ᠡᠭᠦᠳᠴᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠭᠤᠷᠪᠠ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠹᠢᠽᠢᠺ ᠤᠨ ᠲᠣᠣᠷ ᠪᠠ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠳᠤᠮᠳᠠᠳᠤ ᠮᠣᠩᠭᠤᠯ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠢᠶᠠᠷ ᠪᠣᠯᠵᠣᠨ ᠲᠣᠭᠲᠠᠭᠰᠠᠨ ᠶᠣᠰᠣᠭᠠᠷ᠂ ᠮᠣᠩᠭᠤᠯ ᠤᠨ ᠲᠠᠯ᠎ᠠ ᠲᠠᠢ ᠬᠠᠮᠲᠤᠷᠠᠨ ᠬᠤᠶᠠᠷ ᠲᠠᠯ᠎ᠠ ᠶᠢᠨ ᠣᠷᠣᠨ ᠪᠦᠰᠡ ᠶᠢᠨ ᠬᠤᠭᠤᠷᠣᠨᠳᠣᠬᠢ ᠬᠢᠯᠢ ᠠᠯᠤᠰᠯᠠᠭᠰᠠᠨ ᠪᠡᠯᠡᠳᠬᠡᠮᠵᠢ ᠶᠢ ᠪᠠᠶᠢᠭᠤᠯᠵᠤ᠂ ᠬᠢᠯᠢ ᠶᠢᠨ ᠬᠠᠮᠠᠭᠠᠯᠠᠯᠲᠠ᠂ ᠪᠣᠭᠤᠮᠲᠠ ᠶᠢᠨ ᠪᠠᠶᠢᠴᠠᠭᠠᠯᠲᠠ ᠵᠢᠴᠢ ᠬᠠᠮᠢᠶ᠎ᠠ ᠪᠥᠬᠦᠶ ᠪᠠᠶᠢᠴᠠᠭᠠᠨ ᠰᠢᠯᠭᠠᠬᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠮᠣᠩᠭᠤᠯ ᠤᠨ ᠲᠠᠯ᠎ᠠ ᠶᠢᠨ ᠣᠷᠣᠨ ᠪᠦᠰᠡ ᠯᠦᠭᠡ ᠶᠢᠨ ᠠᠵᠢᠯᠲᠠᠨ᠂ ᠡᠳ᠋ ᠪᠠᠷᠠᠭ᠎ᠠ ᠶᠢᠨ ᠳᠥᠭᠦᠮ ᠲᠥᠳᠡ ᠨᠡᠪᠲᠡᠷᠡᠬᠦ ᠶᠢ ᠡᠮᠬᠢ ᠵᠢᠷᠤᠮ ᠲᠠᠢ ᠠᠬᠢᠭᠤᠯᠤᠨ᠎ᠠ᠃      ᠳᠥᠷᠪᠡ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠳᠤ ᠬᠠᠮᠢᠶ᠎ᠠ ᠪᠦᠬᠦᠢ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠵᠥᠪᠰᠢᠶᠡᠷᠡᠬᠦ ᠬᠡᠷᠡᠭᠲᠡᠶ᠃ ᠣᠯᠠᠨ ᠤᠯᠤᠰ ᠤᠨ ᠡᠮᠴᠢᠯᠡᠭᠡᠨ ᠤ ᠤᠷᠢᠳᠠᠪᠠᠷ ᠬᠡᠷᠡᠭᠵᠢᠭᠦᠯᠬᠦ ᠲᠣᠭᠤᠷᠢᠭ ᠪᠠᠶᠢᠭᠤᠯᠬᠤ ᠶᠢ ᠳᠡᠮᠵᠢᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠤᠨ᠎ᠠ᠃ ᠬᠠᠮᠲᠤᠷᠠᠯᠴᠠᠭᠠᠨ ᠤ ᠣᠷᠣᠨ ᠤ ᠬᠢᠯᠢ ᠠᠯᠤᠰᠯᠠᠭᠰᠠᠨ ᠲᠡᠮᠦᠷ ᠵᠠᠮ ᠤᠨ ᠲᠤᠰᠬᠠᠢ ᠱᠤᠭᠤᠮ ᠢ ᠰᠤᠳᠤᠯᠵᠤ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠣᠯᠠᠨ ᠤᠯᠤᠰ ᠤᠨ ᠰᠣᠶᠣᠯ ᠤᠷᠠᠯᠢᠭ ᠤᠨ ᠪᠦᠲᠦᠭᠡᠭᠳᠡᠬᠦᠨ ᠤ ᠳᠡᠯᠭᠡᠨ ᠦᠵᠡᠭᠦᠯᠬᠦ᠂ ᠦᠨ᠎ᠡ ᠬᠠᠶᠠᠯᠴᠠᠨ ᠬᠤᠳᠠᠯᠳᠤᠬᠤ᠂ ᠠᠷᠠᠯᠵᠢᠶᠠᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ᠃ ᠣᠷᠣᠨ ᠨᠤᠲᠤᠭ ᠤᠨ ᠬᠢᠨ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠵᠡᠷᠭᠡ ᠣᠳᠣ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢᠶᠠᠷ ᠳᠠᠮᠵᠢᠭᠤᠯᠤᠨ᠂ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠳᠡᠮᠵᠢᠨ᠎ᠡ᠃ ᠢᠵᠢ ᠪᠦᠷᠢᠳᠦᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠳᠡᠮᠵᠢᠵᠦ᠂ ᠳᠤᠮᠳᠠᠳᠤ ᠤᠯᠤᠰ ᠤᠨ ᠪᠡᠯᠡ ᠬᠥᠷᠥᠩᠭᠡ ᠪᠠ ᠭᠠᠳᠠᠭᠠᠳᠤ ᠪᠡᠯᠡ ᠶᠢᠨ ᠪᠠᠩᠬᠢ ᠶᠢᠨ ᠪᠠᠶᠢᠭᠤᠯᠤᠮᠵᠢ ᠶᠢᠨ ᠣᠷᠣᠵᠤ ᠰᠠᠭᠤᠬᠤ ᠶᠢ ᠵᠣᠷᠢᠭᠵᠢᠭᠤᠯᠵᠤ᠂ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠦᠢᠯᠡᠰ ᠲᠤ ᠠᠷᠠᠳ ᠤᠨ ᠬᠥᠷᠥᠩᠭᠡ ᠶᠢᠨ ᠣᠷᠣᠬᠤ ᠶᠢ ᠳᠡᠮᠵᠢᠵᠦ᠂ ᠬᠠᠤᠯᠢ ᠲᠣᠭᠲᠠᠭᠠᠯ ᠳᠤ ᠨᠡᠶᠢᠴᠡᠭᠦᠯᠦᠨ ᠬᠢᠯᠢ ᠠᠯᠤᠰᠯᠠᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠪᠠ ᠬᠤᠪᠢ ᠬᠥᠮᠦᠨ ᠤ ᠡᠬᠡ ᠭᠠᠳᠠᠭᠠᠳᠤ ᠶᠢᠨ ᠵᠣᠭᠤᠰ ᠰᠣᠯᠢᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠵᠦ᠂ ᠠᠷᠠᠳ ᠤᠨ ᠵᠣᠭᠤᠰ ᠤᠨ ᠬᠢᠯᠢ ᠠᠯᠤᠰᠯᠠᠨ ᠬᠡᠷᠡᠭᠯᠡᠬᠦ ᠶᠢ ᠥᠷᠭᠡᠳᠬᠡᠨ᠎ᠡ᠃ ᠬᠢᠯᠢ ᠶᠢᠨ ᠭᠠᠳᠠᠨᠠᠬᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠵᠤ ᠢᠷᠡᠨ᠂ ᠥᠨᠳᠥᠷ ᠬᠢᠷᠢ ᠬᠡᠮᠵᠢᠶ᠎ᠡ ᠲᠠᠢ ᠣᠯᠠᠨ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠬᠦ ᠶᠢ ᠵᠥᠪᠰᠢᠶᠡᠷᠡᠨ᠎ᠡ᠃ ᠦᠨᠡᠨᠬᠦ ᠬᠡᠷᠡᠭᠴᠡᠭᠡ ᠱᠠᠭᠠᠷᠳᠠᠯᠭ᠎ᠠ ᠳᠤ ᠳᠡᠰ ᠳᠠᠷᠠᠭᠠᠯᠠᠯ ᠶᠣᠰᠣᠭᠠᠷ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠᠶᠢᠭᠤᠯᠬᠤ ᠶᠢ ᠳᠡᠮᠵᠢᠨ᠎ᠡ᠃      ᠲᠠᠪᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠦᠨ᠂ ᠬᠠᠮᠲᠤᠷᠠᠯᠴᠠᠭᠠᠨ ᠤ ᠣᠷᠣᠨ ᠤ ᠡᠭᠦᠷᠭᠡ ᠴᠢᠳᠠᠪᠤᠷᠢᠲᠤ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠪᠣᠳᠠᠲᠠᠶ ᠭᠠᠷᠳᠠᠮ ᠢ ᠲᠣᠭᠲᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠵᠠᠭᠠᠷᠯᠠᠬᠤ ᠭᠦᠢᠴᠡᠳᠬᠡᠯ ᠲᠤᠭ᠎ᠠ ᠪᠠ ᠳᠠᠭᠠᠭᠠᠴᠢᠯᠠᠯᠲᠠ ᠵᠠᠷᠯᠠᠵᠤ ᠦᠨ᠎ᠡ ᠬᠠᠶᠠᠯᠴᠠᠭᠤᠯᠤᠨ ᠦᠨ᠎ᠡ ᠬᠠᠳᠠᠵᠤ ᠬᠢᠮᠳᠠ ᠪᠠᠷ ᠬᠤᠳᠠᠯᠳᠤᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠴᠢᠩᠳᠠᠯᠠᠨ᠂ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠡᠬᠢ ᠪᠠᠶᠠᠯᠢᠭ ᠣᠷᠴᠢᠨ ᠲᠣᠭᠤᠷᠢᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃      ᠵᠢᠷᠭᠤᠭ᠎ᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠬᠠᠮᠲᠤᠷᠠᠯᠴᠠᠭᠠᠨ ᠤ ᠣᠷᠣᠨ ᠤ ᠬᠤᠶᠠᠷ ᠲᠠᠯ᠎ᠠ ᠶᠢᠨ ᠵᠣᠬᠢᠴᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠲᠦᠯᠬᠢᠨ ᠠᠬᠢᠭᠤᠯᠵᠤ᠂ ᠵᠢᠯᠣᠭᠤᠳᠣᠯᠭ᠎ᠠ ᠪᠠ ᠦᠢᠯᠡᠴᠢᠯᠡᠭᠡ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃      ᠳᠣᠯᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠷᠰᠢᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠬᠢᠨᠠᠮᠠᠭᠠᠶ ᠡᠮᠬᠢᠯᠡᠬᠦ ᠪᠠ ᠰᠤᠳᠤᠯᠵᠤ᠂ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠶ᠃                                             ᠲᠦᠷᠦ ᠶᠢᠨ ᠶᠠᠪᠤᠳᠠᠯ ᠤᠨ ᠬᠤᠷᠢᠶ᠎ᠠ                                  2024 ᠣᠨ ᠤ 3 ᠰᠠᠷ᠎ᠠ ᠶᠢᠨ 19 ᠤ ᠡᠳᠦᠷ                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号