| | ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ | ᠥᠷᠲᠡᠭᠡ ᠶᠢᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ 3 ᠳ᠋ᠤᠭᠠᠷ ᠰᠠᠷ᠎ᠠ ᠶᠢᠨ 22 ᠤᠨ ᠡᠳᠦᠷ | ᠪᠣᠯᠲᠠᠯ᠎ᠠ᠂ ᠡᠷᠢᠶᠡᠨ ᠪᠣᠭᠤᠮᠲᠠ ᠡᠨᠡ ᠵᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠢ 10.4 ᠲᠦᠮᠡ | ᠤᠳᠠᠭ᠎ᠠ ᠪᠠᠶᠢᠴᠠᠭᠠᠨ ᠰᠢᠯᠭᠠᠵᠤ᠂ ᠠᠳᠠᠯᠢ ᠬᠤᠭᠤᠴᠠᠭᠠᠨ ᠤ ᠬᠢ ᠠᠴᠠ 256.4% ᠪᠠᠷ ᠨᠡᠮᠡᠭᠳᠡᠪᠡ᠃ | | | | | ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠨᠢᠭᠡᠨ ᠪᠠᠷᠠᠭᠠᠨ ᠤ ᠲᠡᠷᠭᠡ ᠡᠷᠢᠶᠡᠨ ᠬᠤᠲᠠ ᠶᠢᠨ ᠵᠠᠰᠠᠮᠠᠯ ᠵᠠᠮ ᠤᠨ | ᠪᠣᠭᠤᠮᠲᠠ ᠪᠠᠷ ᠥᠩᠭᠡᠷᠡᠪᠡ | ᠣᠶᠢᠷ᠎ᠠ ᠶᠢᠨ ᠡᠳᠦᠷ ᠤᠳ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ | ᠨᠡᠪᠲᠡᠷᠡᠬᠦ ᠵᠠᠮ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠲᠣᠮᠣ ᠪᠠᠷᠠᠭᠠᠨ ᠤ ᠲᠡᠷᠭᠡ ᠰᠦᠯᠵᠢᠯᠳᠦᠵᠦ᠂ | ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠨᠢ ᠲᠡᠮᠦᠷ ᠤᠨ ᠬᠦᠳᠡᠷ᠂ ᠨᠡᠭᠦᠷᠡᠰᠦ ᠪᠠᠷ ᠭᠤᠣᠯ ᠪᠣᠯᠭᠠᠵᠤ᠂ | ᠭᠠᠳᠠᠭᠠᠳᠤ ᠳᠤ ᠭᠠᠷᠭᠠᠬᠤ ᠪᠠᠷᠠᠭ᠎ᠠ ᠨᠢ ᠡᠳᠦᠷ ᠳᠤᠳᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠭᠡᠷ ᠤᠨ ᠴᠠᠬᠢᠯᠭᠠᠨ | ᠬᠡᠷᠡᠭᠰᠡᠯ᠂ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ︽ᠳᠤᠮᠳᠠᠳᠤ ᠤᠯᠤᠰ ᠤᠨ ᠦᠢᠯᠡᠳᠬᠡᠯ︾ ᠢᠶᠠᠷ ᠭᠤᠣᠯ | ᠪᠣᠯᠭᠠᠵᠤ ᠪᠠᠶᠢᠪᠠ᠃ | | | | | | ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠳᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ | ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢᠨ ᠵᠢᠯᠣᠭᠤᠴᠢ ᠶᠢ ᠪᠠᠶᠢᠴᠠᠭᠠᠨ ᠰᠢᠯᠭᠠᠵᠠᠶ᠃ | ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠳᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ | ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢ ᠪᠠᠶᠢᠴᠠᠭᠠᠨ ᠰᠢᠯᠭᠠᠪᠠ᠃ | ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢᠨ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ | ᠶᠠᠪᠤᠭᠳᠠᠬᠤ ᠶᠢ ᠪᠠᠲᠤᠯᠠᠬᠤ ᠶᠢᠨ ᠳᠣᠯᠠᠳᠠ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ | ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ︽ᠭᠤᠭᠴᠤᠭ᠎ᠠ ᠶᠢ ᠪᠠᠭᠠᠰᠬᠠᠬᠤ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠠᠵᠢᠯ ᠤᠨ | ᠰᠡᠳᠬᠢᠴᠡ ᠶᠢᠨ ᠲᠣᠭᠤᠷᠢᠨ ᠳᠤ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠲᠠᠢ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ︽ᠬᠤᠣᠰ ᠴᠢᠭᠯᠡᠯ︾ ᠤᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ︽ᠤᠶᠤᠨᠲᠤ ᠬᠢᠯᠢ ᠶᠢᠨ ᠪᠠᠶᠢᠴᠠᠭᠠᠯᠲᠠ︾ | ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠶᠢᠨ ᠵᠥᠭᠡᠯᠡᠨ ᠬᠠᠲᠠᠭᠤ ᠲᠣᠨᠤᠭ ᠢ ᠲᠠᠰ | ᠳᠡᠪᠰᠢᠭᠦᠯᠵᠦ᠂ ᠲᠡᠷᠭᠡ ᠬᠥᠰᠬᠡ ᠶᠢᠨ ᠮᠡᠳᠡᠭᠡ ᠵᠠᠩᠭᠢᠵᠢᠯᠲᠠ ᠶᠢᠨ ᠪᠠᠶᠢᠴᠠᠭᠠᠨ ᠰᠢᠯᠭᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠵᠠᠰᠠᠮᠠᠯ ᠵᠠᠮ ᠤᠨ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠤ ᠴᠢᠭᠯᠡᠭᠦᠯᠦᠨ᠂ | ᠦᠨᠡᠨᠴᠢ ᠢᠲᠡᠭᠡᠮᠵᠢᠲᠡᠶ ᠪᠠᠷ ᠪᠣᠭᠤᠮᠲᠠ ᠪᠠᠷ ᠥᠩᠭᠡᠷᠡᠬᠦ ᠲᠣᠭᠲᠠᠴᠠ ᠶᠢ ᠬᠡᠷᠡᠭᠵᠢᠭᠦᠯᠵᠦ᠂ ︽ᠲᠠᠷᠢᠶᠠᠯᠠᠩ ᠲᠤᠰᠠᠯᠠᠬᠤ | ᠠᠵᠤ ᠠᠬᠤᠶ ᠶᠢᠨ ᠪᠦᠲᠦᠭᠡᠭᠳᠡᠬᠦᠨ ᠢ ᠰᠠᠭᠠᠳ ᠥᠬᠡᠶ ᠨᠡᠪᠲᠡᠷᠡᠬᠦ ᠵᠠᠮ︾᠂ ︽ᠲᠠᠸᠠᠷ ᠤᠨ ᠲᠡᠷᠭᠡᠨ ᠤ ᠲᠤᠰᠬᠠᠶ | ᠨᠡᠪᠲᠡᠷᠡᠬᠦ ᠵᠠᠮ︾ ᠵᠡᠷᠭᠡ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ | ᠰᠢᠯᠢᠳᠡᠭᠵᠢᠭᠦᠯᠵᠦ᠂ ︽ᠬᠥᠮᠦᠨ ᠲᠡᠷᠭᠡ ᠬᠦᠯᠢᠶᠡᠬᠦ ᠥᠬᠡᠶ᠂ ᠳᠠᠷᠤᠶ ᠪᠠᠶᠢᠴᠠᠭᠠᠯᠲᠠ ᠬᠢᠬᠦ︾ ᠶᠢ ᠪᠠᠷᠢᠮᠲᠠᠯᠠᠨ᠂ | ᠠᠵᠢᠯᠲᠠᠨ ᠤ ᠪᠣᠭᠤᠮᠲᠠ ᠪᠠᠷ ᠥᠩᠭᠡᠷᠡᠬᠦ ᠳᠤ ︽ᠬᠦᠯᠢᠶᠡᠬᠦ ᠥᠬᠡᠶ︾᠂ ᠡᠳ᠋ ᠪᠠᠷᠠᠭ᠎ᠠ ᠶᠢᠨ ᠪᠣᠭᠤᠮᠲᠠ ᠪᠠᠷ | ᠥᠩᠭᠡᠷᠡᠬᠦ ᠳᠤ ︽ᠬᠤᠶᠢᠰᠢᠯᠠᠭᠤᠯᠬᠤ ᠴᠠᠭ︾ ᠢ ᠪᠡᠶᠡᠯᠡᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠲᠠᠶ ᠥᠨᠳᠥᠷ | ᠪᠦᠲᠦᠮᠵᠢᠲᠡᠶ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ | |