【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠡᠨᠡ ᠵᠢᠯ ᠤᠨ ᠬᠢᠯᠢ ᠪᠠᠷ ᠣᠷᠣᠵᠤ ᠭᠠᠷᠬᠤ ᠬᠥᠮᠦᠰ 40.3 ᠲᠦᠮᠡᠨ ᠬᠥᠮᠦᠨ ᠤᠳᠠᠭ᠎ᠠ ᠶᠢ ᠳᠠᠪᠠᠪᠠ
ᠨᠡᠶᠢᠲᠡᠯᠡᠭᠰᠡᠨ ᠴᠠᠭ᠄
2024/3/25
         ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 22 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠡᠨᠡ ᠵᠢᠯ ᠤᠨ ᠬᠢᠯᠢ ᠪᠠᠷ ᠣᠷᠣᠵᠤ ᠭᠠᠷᠬᠤ ᠬᠥᠮᠦᠰ 40.3 ᠲᠦᠮᠡᠨ ᠬᠥᠮᠦᠨ ᠤᠳᠠᠭ᠎ᠠ ᠶᠢ ᠳᠠᠪᠠᠵᠤ ᠂ ᠠᠳᠠᠯᠢ ᠬᠤᠭᠤᠴᠠᠭᠠᠨ ᠤ ᠬᠢ ᠠᠴᠠ 219.9% ᠪᠠᠷ ᠨᠡᠮᠡᠭᠳᠡᠵᠡᠢ᠃
      3 ᠳ᠋ᠤᠭᠠᠷ ᠰᠠᠷ᠎ᠠ ᠶᠢᠨ 22 ᠤᠨ ᠡᠳᠦᠷ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠠᠴᠠ ᠭᠠᠷᠭᠠᠭᠰᠠᠨ 682 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠡᠷᠢᠶᠡᠨ ᠲᠡᠮᠦᠷ ᠵᠠᠮ ᠤᠨ ᠪᠣᠭᠤᠮᠲᠠ ᠳᠤ ᠠᠯᠭᠤᠷᠬᠠᠨ ᠣᠷᠣᠵᠤ᠂ ᠠᠶᠠᠨᠴᠢᠳ ᠨᠡᠬᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠶᠢᠨ ᠪᠠᠶᠢᠴᠠᠭᠠᠨ ᠰᠢᠯᠭᠠᠯᠲᠠ ᠪᠠᠷ ᠳᠡᠮᠵᠢᠨ ᠪᠣᠭᠤᠮᠲᠠ ᠪᠠᠷ ᠤᠷᠤᠭᠰᠢᠲᠠᠶ ᠪᠠᠷ ᠥᠩᠭᠡᠷᠡᠵᠦ ᠣᠷᠣᠵᠤ ᠢᠷᠡᠭᠰᠡᠨ ᠪᠠᠶᠢᠨ᠎ᠠ᠂ ᠡᠨᠡ ᠨᠢ ᠡᠷᠢᠶᠡᠨ ᠪᠣᠭᠤᠮᠲᠠ ᠶᠢᠨ ᠡᠨᠡ ᠵᠢᠯ ᠤᠨ ᠬᠢᠯᠢ ᠪᠠᠷ ᠣᠷᠣᠵᠤ ᠭᠠᠷᠬᠤ ᠬᠥᠮᠦᠰ 40.3 ᠲᠦᠮᠡᠨ ᠬᠥᠮᠦᠨ ᠤᠳᠠᠭ᠎ᠠ ᠶᠢ ᠳᠠᠪᠠᠭᠰᠠᠨ ᠢ ᠬᠠᠷᠠᠭᠤᠯᠵᠤ ᠪᠠᠶᠢᠨ᠎ᠠ᠃
       ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠤᠭ᠎ᠠ ᠦᠷᠭᠦᠯᠵᠢᠯᠡᠨ ᠨᠡᠮᠡᠭᠳᠡᠵᠦ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠪᠣᠭᠤᠮᠲᠠ ᠶᠢᠨ ᠨᠢᠭᠡᠳᠦᠭᠡᠷ ᠹᠷᠣᠨᠲ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ ᠶᠠᠪᠤᠴᠠ ᠶᠢ ᠰᠢᠯᠢᠳᠡᠭᠵᠢᠭᠦᠯᠵᠦ᠂ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠰᠢᠨᠡᠳᠬᠡᠵᠦ᠂ ᠦᠢᠯᠡᠴᠢᠯᠡᠭᠡᠨ ᠤ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠢᠵᠢᠭᠦᠷᠯᠡᠬᠦ ᠲᠤᠬᠠᠶ ᠶᠢᠨ ᠲᠠᠯᠠᠪᠤᠷ ᠤᠨ ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠬᠡᠮᠵᠢᠪᠡ᠃ ᠲᠥᠪᠯᠡᠷᠡᠭᠦᠯᠦᠨ ᠰᠢᠯᠭᠠᠨ ᠪᠠᠶᠢᠴᠠᠭᠠᠬᠤ᠂ ᠲᠦᠷᠭᠡᠨ ᠨᠡᠪᠲᠡᠷᠡᠬᠦ ᠵᠠᠮ ᠢ ᠨᠡᠭᠡᠭᠡᠬᠦ᠂ ᠪᠠᠴᠢᠮ ᠠᠪᠤᠷᠠᠨ ᠲᠤᠰᠠᠯᠠᠬᠤ ᠵᠡᠷᠭᠡ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠶᠠᠨᠴᠢᠳ ᠢ ᠬᠥᠲᠥᠯᠥᠨ ᠵᠢᠯᠣᠭᠤᠳᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠵᠦ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠶ ᠬᠥᠮᠦᠰ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠬᠦᠯᠦᠨ᠎ᠡ᠃ ︽ᠬᠤᠶᠠᠷ ᠢ ᠨᠡᠶᠢᠲᠡᠯᠡᠬᠦ︾ ᠪᠠᠷ ᠳᠠᠮᠵᠢᠭᠤᠯᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ ᠤᠨ ᠤᠷᠤᠰᠬᠠᠯ ᠤᠨ ᠴᠠᠭ ᠬᠤᠭᠤᠴᠠᠭ᠎ᠠ ᠶᠢ ᠤᠷᠢᠳᠴᠢᠯᠠᠨ ᠲᠥᠰᠦᠭᠡᠯᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠥᠷᠭᠡᠨ ᠣᠯᠠᠨ ᠬᠢᠯᠢ ᠪᠠᠷ ᠣᠷᠣᠵᠤ ᠭᠠᠷᠬᠤ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠶᠠᠯᠠᠯ ᠢᠶᠠᠨ ᠵᠦᠶ ᠵᠣᠬᠢᠰᠲᠠᠶ ᠳᠣᠭᠢᠷᠠᠭᠤᠯᠵᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠴᠤ᠂ ᠠᠶᠠᠨᠴᠢᠳ ᠤᠨ ᠥᠨᠳᠥᠷ ᠪᠦᠲᠦᠮᠵᠢᠲᠡᠶ ᠤᠷᠤᠭᠰᠢᠲᠠᠶ ᠪᠠᠷ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠳᠣᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号