2024 ᠣᠨ ᠳᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/3/25
      3 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ 2024 ᠣᠨ ᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠮᠠᠨ ᠤ ᠬᠤᠲᠠ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠤᠭᠲᠤᠬᠤ ᠦᠭᠡ ᠬᠡᠯᠡᠪᠡ᠃
     ᠲᠣᠰ ᠤᠳᠠᠭᠠᠨ ᠤ ᠪᠣᠯᠪᠠᠰᠤᠷᠠᠭᠤᠯᠤᠯ ᠢ ᠲᠤᠰᠬᠠᠶ ᠰᠡᠳᠦᠪᠲᠦ ᠲᠠᠶᠢᠯᠤᠮᠵᠢ ᠪᠠ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠭᠡᠵᠦ ᠬᠤᠶᠠᠷ ᠬᠡᠰᠡᠭ ᠬᠤᠪᠢᠶᠠᠨ᠎ᠠ᠃
      ᠪᠣᠯᠪᠠᠰᠤᠷᠠᠯ ᠤᠨ ᠠᠩᠭᠢ ᠳᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠰᠬᠠᠶ ᠮᠡᠷᠭᠡᠵᠢᠯᠲᠡᠨ 2023 ᠣᠨ ᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠪᠠᠶᠢᠳᠠᠯ ᠢ ᠵᠠᠳᠠᠯᠬᠤ ᠶᠢᠨ ᠬᠠᠮᠲᠤ ᠭᠠᠳᠠᠭᠠᠳᠤ ᠠᠷᠠᠯᠵᠢᠶᠠᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠣᠯᠠᠨ ᠤᠯᠤᠰ ᠤᠨ ᠳ᠋ᠦᠩᠨᠡᠨ ᠪᠤᠳᠤᠬᠤ ᠬᠠᠭᠤᠳᠠᠰᠤ ᠪᠠᠷᠢᠮᠲᠠ ᠶᠢ ᠰᠢᠢᠳᠪᠣᠷᠢᠯᠡᠬᠦ᠂ ᠮᠥᠩᠭᠦᠨ ᠬᠦᠢᠯᠭᠡᠭᠡᠨ ᠤ ᠡᠳ᠋ ᠤᠨ ᠶᠠᠪᠤᠳᠠᠯ ᠢ ᠬᠠᠮᠢᠶᠠᠷᠬᠤ ᠲᠠᠯ᠎ᠠ ᠪᠠᠷ ᠠᠭᠤᠵᠢᠭᠤ ᠪᠣᠯᠭᠠᠬᠤ᠂ ᠭᠠᠳᠠᠭᠠᠳᠤ ᠠᠷᠠᠯᠵᠢᠶᠠᠨ ᠤ ᠪᠠᠯᠠ ᠮᠥᠩᠭᠦ ᠶᠢ ᠭᠤᠶᠤᠴᠢᠯᠠᠨ ᠠᠪᠴᠤ ᠵᠠᠳᠠᠯᠬᠤ᠂ ᠭᠠᠳᠠᠭᠠᠳᠤ ᠠᠷᠠᠯᠵᠢᠶᠠᠨ ᠤ ᠰᠦᠯᠵᠢᠶᠡᠨ ᠳᠡᠭᠡᠷᠡᠬᠢ ᠲᠠᠪᠴᠠᠩ ᠤᠨ ᠴᠢᠳᠠᠮᠵᠢ ᠶᠢ ᠲᠠᠨᠢᠯᠴᠠᠭᠤᠯᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠪᠠᠶᠢᠳᠠᠯ ᠤᠨ ᠲᠦᠢᠮᠣ ᠮᠡᠳᠡᠭᠦᠯᠦᠯᠲᠡ ᠪᠠ ᠡᠯᠧᠺᠲᠷᠣᠨ ᠬᠤᠳᠠᠯᠳᠤᠭᠠᠨ ᠤ ᠵᠠᠭᠪᠤᠷ ᠢ ᠭᠠᠳᠠᠭᠠᠳᠤ ᠳᠤ ᠭᠠᠷᠭᠠᠬᠤ ᠶᠢ ᠭᠤᠶᠤᠴᠢᠯᠠᠬᠤ ᠠᠵᠢᠯᠯᠠᠭᠠᠨ ᠤ ᠵᠢᠷᠤᠮᠵᠢᠯ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ ᠵᠡᠷᠭᠡ ᠲᠠᠯ᠎ᠠ ᠪᠠᠷ ᠲᠤᠰᠬᠠᠶ ᠮᠡᠷᠭᠡᠵᠢᠯ ᠤᠨ ᠲᠠᠶᠢᠯᠤᠮᠵᠢ ᠪᠠ ᠲᠤᠬᠠᠶ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠬᠠᠷᠢᠭᠤᠯᠪᠠ᠃      ᠪᠣᠯᠪᠠᠰᠤᠷᠠᠯ ᠤᠨ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠬᠡᠪᠴᠢᠶ᠎ᠡ ᠪᠠᠨ ᠪᠠᠲᠤᠯᠠᠵᠤ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠠᠯᠬᠤᠮ ᠠᠯᠬᠤᠮ ᠢᠶᠠᠷ ᠨᠡᠪᠴᠢᠬᠦ᠂ ᠪᠣᠬᠢᠷᠲᠤᠯ ᠥᠬᠡᠶ ᠮᠡᠷᠭᠡᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠶᠢ ᠵᠣᠷᠢᠭᠵᠢᠭᠤᠯᠵᠤ᠂ ᠠᠵᠢᠯ ᠲᠥᠷᠥᠯ ᠤᠨ ᠬᠡᠪ ᠳᠠᠭᠤᠷᠢᠶᠠᠯ ᠪᠣᠯᠵᠣ᠂ ᠴᠠᠭ ᠦᠶ᠎ᠡ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠭᠠᠳᠠᠭᠠᠳᠤ ᠠᠷᠠᠯᠵᠢᠶᠠᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠶᠢ ᠵᠣᠷᠢᠭᠵᠢᠭᠤᠯᠤᠨ᠎ᠠ᠃      ᠪᠣᠯᠪᠠᠰᠤᠷᠠᠯ ᠤᠨ ᠬᠥᠮᠦᠰ ᠪᠠᠰᠠ ᠮᠠᠨ ᠤ ᠬᠤᠲᠠ ᠶᠢᠨ ᠤᠶᠤᠨᠲᠤ ᠪᠣᠭᠤᠮᠲᠠ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号