ᠡᠷᠢᠶᠡᠨ ᠪᠣᠭᠤᠮᠲᠠ ᠬᠢᠭᠡᠳ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠬᠠᠮᠢ ᠶᠢᠨ ᠪᠣᠭᠤᠮᠲᠠ ︵ᠮᠣᠩᠭᠤᠯ ᠣᠯᠣᠰ ᠲᠠᠢ ᠵᠠᠬ᠎ᠠ ᠨᠠᠶᠢᠯᠡᠭᠰᠡᠨ ᠪᠣᠭᠤᠮᠲᠠ︶ ᠲᠠᠢ ᠨᠥᠬᠦᠷᠰᠡᠭ ᠪᠣᠭᠤᠮᠲᠠ ᠪᠣᠯᠪᠠ
ᠨᠡᠶᠢᠲᠡᠯᠡᠭᠰᠡᠨ ᠴᠠᠭ᠄
2024/3/27
         ᠲᠦᠷᠦᠭᠦᠬᠡᠨ᠂ ᠡᠷᠢᠶᠡᠨ ᠬᠤᠲᠠ ᠶᠢᠨ ᠪᠣᠭᠤᠮᠲᠠ ᠪᠣᠯᠤᠨ ᠰᠢᠨᠵᠢᠶᠠᠩ ᠤᠨ ᠣᠶᠢᠭᠤᠷ ᠤᠨ ᠬᠠᠮᠢ ᠶᠢᠨ ᠪᠣᠭᠤᠮᠲᠠ ︽ᠨᠥᠬᠦᠷᠰᠡᠭ ᠪᠣᠭᠤᠮᠲᠠ ᠶᠢᠨ ᠬᠡᠯᠡᠯᠴᠡᠭᠡᠷ︾ ᠲᠤ ᠭᠠᠷ ᠤᠨ ᠦᠰᠦᠭ ᠵᠢᠷᠤᠵᠤ᠂ ᠬᠤᠶᠠᠷ ᠲᠠᠯ᠎ᠠ ᠪᠠᠷ ᠢᠶᠠᠨ ᠨᠥᠬᠦᠷᠰᠡᠭ ᠪᠣᠭᠤᠮᠲᠠ ᠪᠠᠶᠢᠭᠤᠯᠵᠦ᠂ ᠬᠠᠷᠢᠯᠴᠠᠨ ᠠᠶᠢᠯᠴᠢᠯᠠᠯᠳᠠ ᠬᠢᠬᠦ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠬᠠᠮᠲᠤᠷᠠᠭᠰᠠᠨ ᠬᠤᠷᠠᠯ ᠵᠡᠷᠭᠡ ᠲᠣᠭᠲᠠᠴᠠ ᠶᠢ ᠪᠠᠶᠢᠭᠤᠯᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ᠂ ᠪᠣᠭᠤᠮᠲᠠ ᠶᠢᠨ ᠠᠵᠤ ᠠᠬᠤᠢ ᠳᠤ ᠦᠢᠯᠡᠴᠢᠯᠡᠬᠦ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠠᠢ᠃      ᠡᠷᠢᠶᠡᠨ ᠪᠣᠭᠤᠮᠲᠠ ᠪᠣᠯᠤᠨ ᠬᠠᠮᠢ ᠶᠢᠨ ᠪᠣᠭᠤᠮᠲᠠ ᠴᠥᠮ ᠬᠢᠯᠢ ᠶᠢᠨ ᠬᠤᠳᠠ᠂ ᠮᠣᠩᠭᠤᠯ ᠣᠯᠣᠰ ᠤᠨ ᠬᠢᠯᠢ ᠶᠢᠨ ᠪᠣᠭᠤᠮᠲᠠ ᠪᠣᠯᠤᠨ᠎ᠠ᠂ ᠬᠤᠶᠠᠷ ᠭᠠᠵᠠᠷ ᠤᠨ ᠪᠣᠭᠤᠮᠲᠠ ᠶᠢᠨ ᠠᠵᠤ ᠠᠬᠤᠢ᠂ ᠰᠣᠶᠣᠯ ᠵᠤᠭᠠᠴᠠᠯ ᠤᠨ ᠬᠦᠷᠢᠶᠡᠨ ᠳᠤ ᠨᠡᠯᠢᠶᠡᠳ ᠴᠢᠩᠭ᠎ᠠ ᠬᠠᠷᠢᠯᠴᠠᠨ ᠨᠥᠬᠦᠪᠥᠷᠢᠯᠡᠬᠦ ᠴᠢᠨᠠᠷᠲᠠᠢ᠂ ᠬᠠᠮᠲᠤᠷᠠᠯᠴᠠᠭ᠎ᠠ ᠪᠠ ᠰᠣᠯᠢᠯᠴᠠᠭᠠᠨ ᠤ ᠣᠷᠣᠨ ᠵᠠᠢ ᠲᠦᠢᠯ ᠤᠨ ᠥᠷᠭᠡᠨ ᠠᠭᠤᠳᠠᠮ ᠶᠤᠮ᠃      ᠬᠤᠶᠠᠷ ᠭᠠᠵᠠᠷ ᠨᠥᠬᠦᠷᠰᠡᠭ ᠪᠣᠭᠤᠮᠲᠠ ᠪᠠᠶᠢᠭᠤᠯᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠪᠣᠭᠤᠮᠲᠠ ᠶᠢᠨ ᠵᠢᠷᠤᠭ ᠲᠥᠯᠥᠪᠯᠡᠭᠡ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠎ᠠ᠃ ᠬᠠᠮᠲᠤᠷᠠᠭᠰᠠᠨ ᠬᠤᠷᠠᠯ ᠬᠤᠷᠠᠯᠳᠤᠭᠤᠯᠬᠤ᠂ ᠬᠠᠷᠢᠯᠴᠠᠨ ᠰᠣᠯᠢᠯᠴᠠᠬᠤ ᠪᠦᠯᠬᠦᠮ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠬᠤᠷᠢᠶᠠᠬᠤ ᠶᠢ ᠪᠠᠭᠤᠷᠠᠭᠤᠯᠬᠤ᠂ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠢ ᠪᠠᠭᠠᠰᠬᠠᠬᠤ᠂ ᠴᠢᠩᠭᠡᠯᠢᠭ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠲᠠᠯ᠎ᠠ ᠶᠢᠨ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠵᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠡᠶᠢᠲᠡᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠬᠠᠩᠭᠠᠪᠠ᠃ ᠤᠯᠤᠰ ᠠᠴᠠ ᠪᠣᠭᠤᠮᠲᠠ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ ᠠᠬᠢᠭᠤᠯᠬᠤ᠂ ᠤᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠵᠡᠷᠭᠡ ᠶᠢ ᠪᠣᠭᠤᠮᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠪᠣᠭᠤᠮᠢ ᠲᠠᠶᠢᠯᠬᠤ ᠰᠡᠳᠦᠪ ᠪᠣᠯᠭᠠᠵᠤ᠂ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠠᠷᠭ᠎ᠠ ᠮᠠᠶ᠋ᠢᠭ ᠢᠶᠠᠷ ᠰᠡᠳᠦᠪ ᠤᠨ ᠰᠤᠳᠤᠯᠤᠯ ᠪᠠ ᠦᠷ᠎ᠡ ᠪᠦᠲᠦᠭᠡᠯ ᠢᠶᠠᠨ ᠬᠠᠮᠲᠤ ᠳᠠᠭᠠᠨ ᠡᠳ᠋ᠯᠡᠬᠦ ᠶᠢ ᠬᠠᠮᠲᠤᠪᠠᠷ ᠥᠷᠨᠢᠭᠦᠯᠦᠨ᠎ᠡ᠃ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠠᠶᠢᠭᠤᠯᠤᠨ᠂ ᠮᠣᠩᠭᠤᠯ ᠤᠯᠤᠰ ᠤᠨ ᠨᠡᠭᠦᠷᠡᠰᠦ᠂ ᠲᠡᠮᠦᠷ ᠤᠨ ᠠᠭᠤᠷᠬᠠᠶ ᠵᠡᠷᠭᠡ ᠶᠡᠭᠡ ᠬᠡᠮᠵᠢᠶᠡᠨ ᠤ ᠰᠤᠯᠠ ᠪᠠᠷᠠᠭᠠᠨ ᠤ ᠬᠠᠮᠤᠭ ᠤᠨ ᠰᠢᠨ᠎ᠡ ᠠᠷᠠᠯᠵᠢᠶᠠᠨ ᠤ ᠪᠠᠶᠢᠳᠠᠯ ᠢ ᠬᠠᠮᠲᠤᠪᠠᠷ ᠠᠩᠬᠠᠷᠴᠤ᠂ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ᠂ ᠪᠠᠷᠠᠭ᠎ᠠ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠨ ᠰᠣᠯᠢᠯᠴᠠᠵᠤ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠠᠬᠢᠴᠠ ᠶᠢ ᠬᠠᠷᠢᠯᠴᠠᠨ ᠨᠡᠪᠲᠡᠷᠡᠭᠦᠯᠵᠦ᠂ ᠡᠯ᠎ᠡ ᠲᠥᠷᠥᠯ ᠤᠨ ᠮᠡᠳᠡᠭᠡ ᠵᠠᠩᠭᠢ ᠶᠢ ᠵᠠᠳᠠᠯᠬᠤ᠂ ᠠᠰᠢᠭᠯᠠᠬᠤ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠬᠤᠶᠠᠷ ᠪᠣᠭᠤᠮᠲᠠ ᠶᠢᠨ ᠠᠵᠤ ᠠᠬᠤᠶ ᠨᠡᠶᠢᠭᠡᠮ ᠤᠨ ᠲᠠᠰᠤᠷᠠᠯᠲᠠ ᠤᠢᠭᠡᠢ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号