ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/27
        3 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠤᠢᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠪᠣᠯᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠬᠠᠮᠢᠶ᠎ᠠ ᠪᠦᠬᠦᠢ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠠᠳᠬᠤᠵᠤ᠂ ᠮᠠᠨ ᠤ ᠬᠤᠲᠠ ᠶᠢᠨ ᠥᠭᠡᠷᠡᠴᠢᠯᠡᠯᠲᠡ ᠶᠢᠨ ᠠᠵᠢᠯ ᠤᠨ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠤᠯᠤᠰ ᠤᠨ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠢᠭᠲᠠ ᠠᠩᠬᠠᠷᠴᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠡᠷᠲᠡᠬᠡᠨ ᠰᠦᠪᠡᠭᠴᠢᠯᠡᠨ ᠰᠤᠳᠤᠯᠬᠤ ᠬᠡᠷᠡᠭᠲᠡᠢ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ ᠶᠢᠨ ᠲᠢᠩᠬᠢᠮ ᠲᠤᠪᠴᠢᠶ᠎ᠠ ᠶᠢᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠦᠷᠭᠡᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠦᠬᠦ ᠬᠤᠳᠠ ᠶᠢᠨ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠵᠢᠷᠭᠤᠭᠠᠨ ᠢᠨᠵᠧᠨᠧᠷᠢᠩ︾ ᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ︽ᠲᠠᠪᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠦᠬᠦ ᠲᠠᠯ᠎ᠠ ᠪᠠᠷ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠣᠨ ᠤ ᠬᠠᠷᠠᠯᠲᠠ ᠡᠭᠦᠷᠭᠡ ᠳᠤ ᠳᠣᠲᠣᠷ᠎ᠠ ᠪᠠᠨ ᠲᠤᠭ᠎ᠠ ᠲᠠᠢ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠵᠢᠯ ᠤᠨ ᠡᠬᠢᠨ ᠳᠤ ᠡᠮᠬᠢᠯᠡᠵᠦ᠂ ᠵᠢᠯ ᠤᠨ ᠡᠴᠦᠰ ᠲᠤ ᠳᠠᠩᠰᠠ ᠲᠤᠰᠢᠶᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠲᠤᠷᠰᠢᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠶ ᠱᠦᠵᠢ ᠰᠢ ᠶᠢᠨ ᠫᠢᠩ ᠤᠨ ᠭᠠᠷᠭᠠᠭᠰᠠᠨ ︽ᠲᠠᠪᠤ ᠶᠢ ᠦᠷᠭᠦᠯᠵᠢᠯᠡᠭᠦᠯᠬᠦ︾ ᠴᠢᠬᠤᠯᠠ ᠵᠢᠭᠠᠪᠤᠷᠢ ᠶᠢ ᠢᠮᠠᠭᠲᠠ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠭᠤᠤᠯ ᠱᠠᠭᠠᠷᠳᠠᠯᠭ᠎ᠠ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠶ ᠰᠠᠶᠢᠲᠤᠷ ᠲᠥᠯᠥᠪᠵᠢᠭᠦᠯᠦᠨ ᠥᠷᠨᠢᠭᠦᠯᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾᠂ ︽ᠡᠷᠢᠶᠡᠨ ᠬᠤᠳᠠ ᠶᠢᠨ 2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾᠂ ︽ᠡᠷᠢᠶᠡᠨ ᠬᠤᠳᠠ ᠶᠢᠨ ︿ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ︵ᠮᠠᠨ ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ︿ᠦᠨᠳᠦᠰᠦᠨ ᠱᠠᠲᠤᠨ ᠳᠤ ᠪᠤᠢ﹀ ᠪᠠᠶᠢᠬᠤ ᠶᠢ ᠨᠠᠶᠢᠳᠠᠪᠤᠷᠢᠵᠢᠭᠤᠯᠬᠤ︶﹀ ᠳᠤ ᠵᠢᠭᠠᠵᠤ ᠭᠠᠷᠭᠠᠭᠰᠠᠨ ᠠᠰᠠᠭᠤᠳᠠᠯ ᠡᠭᠦᠷᠭᠡ ᠶᠢ ᠰᠠᠯᠭᠠᠬᠤ ᠬᠦᠰᠦᠨᠦᠭᠲᠦ︾᠂ ︽︿ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ﹀ ᠢ ᠭᠦᠨᠵᠡᠭᠡᠶᠢᠷᠡᠭᠦᠯᠦᠨ ᠴᠡᠭᠴᠡᠯᠡᠬᠦ ᠲᠤᠬᠠᠢ ᠪᠣᠳᠠᠲᠠᠢ ᠠᠷᠭ᠎ᠠ ᠬᠡᠮᠵᠢᠶ᠎ᠡ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号