【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠬᠢᠯᠢ ᠠᠯᠤᠰᠯᠠᠭᠰᠠᠨ ᠲᠡᠷᠭᠡ ᠬᠥᠰᠬᠡ ᠶᠢᠨ ᠣᠨᠳᠣᠤ ᠭᠠᠵᠠᠷ ᠲᠤ ᠳᠠᠩᠰᠠᠯᠠᠭᠤᠯᠬᠤ ᠶᠢ ᠢᠳᠡᠪᠬᠢᠲᠡᠶ ᠠᠬᠢᠭᠤᠯᠵᠤ ᠨᠢᠭᠡ ᠲᠡᠷᠭᠡ ᠣᠯᠠᠨ ᠪᠣᠭᠤᠮᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/3/27
   3 ᠰᠠᠷ᠎ᠠ ᠶᠢᠨ 26 ᠤ ᠡᠳᠦᠷ᠂ ᠣᠷᠣᠰ ᠤᠨ 10 ᠭᠠᠷᠤᠢ ᠲᠡᠷᠭᠡ ᠬᠥᠰᠭᠡ ᠶᠢ ᠣᠨᠳᠣᠣ ᠭᠠᠵᠠᠷ ᠲᠤ ᠳᠠᠩᠰᠠᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠣᠶᠤᠨᠴᠢ ᠪᠣᠭᠤᠮᠲᠠ ᠪᠠᠷ ᠣᠷᠣᠭᠰᠢᠳᠠᠢ ᠬᠢᠯᠢ ᠳᠤ ᠣᠷᠣᠵᠤ ᠢᠷᠡᠨ᠂ ︽ᠨᠢᠭᠡ ᠤᠳᠠᠭᠠᠨ ᠤ ᠬᠡᠷᠡᠭ ᠪᠡᠯᠡᠳᠭᠡᠵᠦ᠂ ᠣᠯᠠᠨ ᠪᠣᠭᠤᠮᠲᠠ ᠠᠯᠤᠰᠯᠠᠭᠰᠠᠨ︾ ᠶᠢ ᠪᠡᠶᠡᠯᠡᠭᠦᠯᠪᠡ᠃
    ︽ᠥᠨᠳᠥᠷ ᠪᠦᠲᠦᠮᠵᠢᠲᠡᠶ᠂ ᠰᠠᠭᠠᠳ ᠦᠭᠡᠢ᠂ ᠳᠥᠭᠦᠮ ᠳᠥᠲᠡ᠂ ᠵᠣᠭᠤᠰ ᠠᠷᠪᠢᠯᠠᠬᠤ︾ ᠪᠣᠯ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠣᠭᠤᠮᠲᠠ ᠶᠢᠨ ᠡᠨᠡ ᠬᠦ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠭᠰᠡᠨ ᠳᠡᠭᠡᠳᠦ ᠬᠡᠮᠵᠢᠶᠡᠨ ᠤ ᠵᠥᠪᠰᠢᠶᠡᠷᠡᠯ ᠮᠥᠨ᠃ ᠤᠯᠤᠰ ᠠᠴᠠ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠣᠯᠠᠨ ᠤᠯᠤᠰ ᠤᠨ ᠠᠵᠤ ᠠᠬᠤᠶ ᠲᠣᠭᠲᠠᠭᠤᠨ ᠪᠥᠭᠡᠳ ᠡᠮᠬᠢ ᠵᠢᠷᠤᠮ ᠲᠠᠢ ᠰᠡᠷᠭᠦᠵᠦ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠢᠷᠡᠭᠰᠡᠨ ᠣᠷᠣᠰ᠂ ᠪᠧᠯᠤᠷᠦ᠋ᠰᠢᠶ᠎ᠠ ᠵᠡᠷᠭᠡ ᠤᠯᠤᠰ ᠤᠨ ᠭᠠᠳᠠᠭᠠᠳᠤ ᠶᠢᠨ ᠬᠠᠷᠢᠶᠠᠲᠤ ᠲᠡᠷᠭᠡ ᠬᠥᠰᠬᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠣᠳᠣᠬᠠᠨ ᠳᠤ ᠡᠳᠦᠷ ᠪᠦᠷᠢ ᠳᠤᠮᠳᠠᠴᠢ ᠪᠠᠷ 10 ᠠᠴᠠ 20 ᠮᠠᠰᠢᠨ ᠬᠢᠯᠢ ᠪᠠᠷ ᠣᠷᠣᠵᠤ᠂ ᠪᠠᠷᠤᠭ ᠡᠳᠦᠷ ᠪᠦᠷᠢ ᠶᠢᠨ ᠬᠢᠯᠢ ᠳᠤ ᠣᠷᠣᠬᠤ ᠲᠡᠷᠭᠡᠨ ᠤ ᠶᠡᠷᠦᠩᠬᠡᠶ ᠲᠣᠭᠠᠨ ᠤ 2% ᠢ ᠡᠵᠡᠯᠡᠵᠦ ᠪᠠᠶᠢᠨ᠎ᠠ᠃
    ᠡᠨᠡ ᠵᠢᠯ ᠤᠨ 2 ᠰᠠᠷ᠎ᠠ ᠶᠢᠨ 23 ᠤ ᠡᠳᠦᠷ ᠬᠢᠯᠢ ᠠᠯᠤᠰᠯᠠᠭᠰᠠᠨ ᠲᠡᠷᠭᠡ ᠬᠥᠰᠬᠡ ᠶᠢ ᠣᠨᠳᠣᠤ ᠭᠠᠵᠠᠷ ᠲᠤ ᠳᠡᠩᠰᠡᠯᠡᠵᠦ ᠬᠡᠷᠡᠭᠵᠢᠭᠦᠯᠦᠭᠰᠡᠨ ᠠᠴᠠ ᠨᠠᠰᠢ᠂ ᠣᠲᠣ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠨ ᠨᠢᠭᠡᠨᠲᠡ 100 ᠭᠠᠷᠤᠶ ᠣᠷᠣᠰ᠂ ᠪᠧᠯᠤᠷᠦ᠋ᠰᠢᠶ᠎ᠠ ᠨᠤᠲᠤᠭ ᠲᠠᠢ ᠲᠡᠷᠭᠡ ᠬᠥᠰᠬᠡ ᠶᠢ ᠣᠨᠳᠣᠤ ᠭᠠᠵᠠᠷ ᠲᠤ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠡᠭᠦᠨ ᠤ ᠬᠠᠮᠲᠤ ᠬᠢᠯᠢ ᠠᠯᠤᠰᠯᠠᠭᠰᠠᠨ ᠲᠡᠷᠭᠡ ᠬᠥᠰᠬᠡ ᠶᠢᠨ ᠣᠨᠳᠣᠤ ᠭᠠᠵᠠᠷ ᠲᠤ ᠳᠠᠩᠰᠠᠯᠠᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠣᠷᠣᠯᠠᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠵᠢᠯᠣᠭᠤᠳᠤᠨ ᠭᠦᠢᠴᠡᠳᠬᠡᠵᠦ᠂ ᠭᠠᠳᠠᠭᠠᠳᠤ ᠶᠢᠨ ᠬᠠᠷᠢᠶ᠎ᠠ ᠲᠠᠢ ᠲᠡᠷᠭᠡ ᠬᠥᠰᠬᠡ ᠶᠢ ᠳᠠᠷᠤᠶ ᠲᠦᠷᠭᠡᠨ ᠬᠦᠷᠭᠡᠵᠦ᠂ ᠳᠠᠷᠦ᠋ᠢᠬᠠᠨ ᠨᠡᠪᠲᠡᠷᠡᠭᠦᠯᠵᠦ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠥᠨᠳᠥᠷ ᠪᠦᠲᠦᠮᠵᠢᠲᠡᠶ ᠪᠠᠷ ᠳᠡᠭᠡᠭᠰᠢᠯᠡᠭᠦᠯᠪᠡ᠃      
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号