| | ᠣᠶᠢᠷ᠎ᠠ ᠳᠤ᠂ ᠳᠤᠮᠳᠠᠳᠤ ᠧᠦ᠋ᠷᠣᠫᠠ ᠶᠢᠨ ᠨᠢᠭᠡ ᠡᠭᠡᠯᠵᠢ ᠶᠢᠨ ᠭᠠᠯᠲᠤ ᠲᠡᠷᠭᠡ ᠪᠤᠭᠤᠲᠤ ᠬᠤᠲᠠ ᠶᠢᠨ ᠡᠯ | ᠳ᠋ᠤᠤ ᠱᠠ ᠾᠧ ᠥᠷᠲᠡᠭᠡ ᠠᠴᠠ ᠬᠦᠳᠡᠯᠵᠦ᠂ ᠡᠷᠢᠶᠡᠨ ᠬᠤᠲᠠ ᠶᠢᠨ ᠪᠣᠭᠤᠮᠲᠠ ᠪᠠᠷ ᠳᠡᠮᠵᠢᠨ᠂ ᠣᠷᠣᠰ ᠤᠨ ᠶᠡᠭᠡ | ᠺᠠᠷᠲ᠋ᠢᠨᠪᠦ᠋ᠷ ᠥᠷᠲᠡᠭᠡ ᠵᠦᠭ ᠠᠶᠠᠯᠠᠪᠠ᠃ ᠡᠭᠦᠨ ᠠᠴᠠ ᠡᠬᠢᠯᠡᠨ᠂ ᠤᠷᠤᠰ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠰᠢᠨ᠎ᠡ ᠱᠤᠭᠤᠮ ᠨᠡᠮᠡᠪᠡ᠂ ᠡᠨᠡ ᠨᠢ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ | ᠳᠤᠮᠳᠠ ᠵᠠᠮ︾ ᠤᠨ ᠠᠶᠠᠯᠠᠯ ᠤᠨ ᠱᠤᠭᠤᠮ 71 ᠪᠣᠯᠵᠤ ᠨᠡᠮᠡᠭᠳᠡᠭᠰᠡᠨ ᠢ ᠬᠠᠷᠠᠭᠤᠯᠵᠤ ᠪᠠᠶᠢᠨ᠎ᠠ᠃ | ︽ᠡᠯ ᠳ᠋ᠤᠤ ᠱᠠ ᠾᠧ - ᠣᠷᠣᠰ︾ ᠱᠤᠭᠤᠮ ᠤᠨ ᠵᠢᠰᠢᠶᠠᠨ ᠤ ᠭᠠᠯᠲᠤ ᠲᠡᠷᠭᠡ ᠶᠢᠨ 55 ᠱᠤᠭᠤᠮ ᠤᠨ 40 | ᠲᠤᠬᠤᠢ ᠴᠢᠩᠭᠡᠯᠢᠭ ᠢ ᠠᠴᠢᠵᠤ᠂ ᠪᠠᠷᠠᠭᠠᠨ ᠤ ᠬᠦᠨᠳᠦ ᠨᠢ 332.14 ᠲᠣᠨ᠂ ᠪᠠᠷᠠᠭᠠᠨ ᠤ ᠥᠷᠲᠡᠭ ᠨᠢ | 1246 ᠲᠦᠮᠡᠨ ᠲᠥᠭᠦᠷᠢᠭ ᠲᠤ ᠬᠦᠷᠴᠦ᠂ ᠪᠠᠷᠠᠭ᠎ᠠ ᠨᠢ ᠭᠤᠣᠯᠳᠠᠭᠤ ᠲᠡᠷᠭᠡᠨ ᠤ ᠬᠦᠷᠳᠦᠨ ᠤ ᠶᠡᠷᠦᠩᠬᠡᠢ | ᠪᠦᠷᠢᠯᠲᠦᠴᠡ᠂ ᠲᠡᠩᠴᠡᠭᠦᠷᠢ ᠶᠢᠨ ᠡᠯᠭᠦᠭᠰᠡᠨ ᠶᠡᠷᠦᠩᠬᠡᠢ ᠪᠦᠲᠦᠴᠡ ᠵᠡᠷᠭᠡ ᠮᠠᠰᠢᠨ ᠲᠡᠷᠭᠡᠨ ᠤ ᠰᠡᠯᠪᠢᠭ ᠲᠣᠨᠤᠭ ᠢ | ᠠᠴᠢᠶᠠᠯᠠᠵᠤ ᠪᠤᠢ᠃ | | | | | 2013 ᠣᠨ ᠳᠤ ᠠᠩᠬᠠᠳᠠᠭᠴᠢ ︽ᠷᠦᠩ ᠧᠦ︾ ᠡᠭᠡᠯᠵᠢ ᠶᠢᠨ ᠭᠠᠯᠲᠤ ᠲᠡᠷᠭᠡ ᠨᠡᠪᠲᠡᠷᠡᠭᠰᠡᠨ ᠠᠴᠠ ᠨᠠᠰᠢ᠂ | ᠵᠢᠰᠢᠶᠠᠨ ᠤ ᠭᠠᠯᠲᠤ ᠲᠡᠷᠭᠡᠨ ᠤ ᠱᠤᠭᠤᠮ ᠬᠠᠮᠤᠭ ᠤᠨ ᠠᠩᠬᠠᠨ ᠤ 2 ᠵᠤᠷᠪᠤᠰ ᠠᠴᠠ ᠪᠠᠨ ᠨᠡᠮᠡᠭᠳᠡᠭᠡᠳ 71 ᠵᠦᠢᠯ | ᠪᠣᠯᠪᠠ᠃ ᠬᠠᠮᠤᠭ ᠤᠨ ᠡᠬᠢᠨ ᠤ ᠭᠠᠷ ᠤᠲᠠᠰᠤ᠂ ᠺᠣᠮᠫᠢᠣᠲ᠋ᠧᠷ ᠵᠡᠷᠭᠡ IT ᠪᠦᠲᠦᠭᠡᠭᠳᠡᠬᠦᠨ ᠠᠴᠢᠭᠰᠠᠨ ᠠᠴᠠ | ᠠᠦ᠋ᠲ᠋ᠣᠪᠦ᠋ᠰ ᠪᠦᠲᠦᠨ ᠲᠡᠷᠭᠡ ᠪᠣᠯᠤᠨ ᠰᠡᠯᠪᠢᠭ ᠲᠣᠨᠤᠭ᠂ ᠮᠠᠰᠢᠨ ᠴᠠᠬᠢᠯᠭᠠᠨ ᠮᠧᠬᠠᠨᠢᠭ ᠤᠨ ᠲᠥᠬᠦᠭᠡᠷᠦᠮᠵᠢ᠂ | ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ 10 ᠰᠠᠶ᠎ᠠ ᠭᠠᠷᠤᠢ ᠵᠦᠢᠯ ᠬᠦᠷᠲᠡᠯ᠎ᠡ᠃ ᠲᠣᠰ ᠵᠠᠮ | ᠱᠤᠭᠤᠮ ᠢ ᠤᠷᠤᠭᠰᠢᠲᠠᠶ ᠨᠡᠪᠲᠡᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠨᠡᠭᠡᠭᠡᠯᠲᠡ ᠪᠠ ︽ᠳᠤᠮᠳᠠ ᠵᠠᠮ︾ ᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ︽ | ᠨᠠᠶᠢᠵᠠ ᠶᠢᠨ ᠬᠦᠷᠢᠶ᠎ᠡ︾ ᠶᠢ ᠤᠯᠠᠮ ᠨᠢᠭᠡ ᠠᠯᠬᠤᠮ ᠥᠷᠭᠡᠳᠬᠡᠪᠡ᠃ ᠣᠳᠣᠬᠠᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠠᠴᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠵᠠᠮ ᠱᠤᠭᠤᠮ | ᠨᠢᠭᠡᠨᠲᠡ 6 ᠵᠤᠷᠪᠤᠰ ᠪᠣᠯᠪᠠ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠪᠠᠷᠠᠭᠠᠨ ᠤ ᠭᠦᠢᠯᠭᠡᠭᠡᠨ ᠤ ᠵᠠᠮ ᠢ ᠪᠥᠬᠦ ᠲᠠᠯ᠎ᠠ ᠪᠠᠷ ᠰᠠᠭᠠᠳ ᠥᠬᠡᠶ ᠨᠡᠪᠲᠡᠷᠡᠭᠦᠯᠵᠦ᠂ ᠪᠣᠭᠤᠮᠲᠠ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠭᠠᠳᠠᠭᠠᠳᠤ ᠨᠡᠭᠡᠭᠡᠯᠲᠡ ᠶᠢᠨ ᠲᠠᠪᠴᠠᠩ ᠢ ᠪᠣᠶ ᠪᠣᠯᠭᠠᠬᠤ ᠶᠢᠨ | ᠳᠣᠯᠠᠳᠠ᠂ ᠡᠷᠢᠶᠡᠨ ᠬᠤᠲᠠ ᠶᠢᠨ ᠪᠣᠭᠤᠮᠲᠠ ᠶᠢᠨ ᠬᠢᠨ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠠᠮᠤᠭ ᠤᠨ ᠰᠢᠨ᠎ᠡ | ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠳᠠᠲᠠᠶ ᠠᠷᠭ᠎ᠠ | ᠬᠡᠮᠵᠢᠶ᠎ᠡ︾ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ | ᠪᠣᠭᠤᠮᠲᠠ ᠪᠠᠷ ᠥᠩᠭᠡᠷᠡᠬᠦ ︽ᠰᠠᠭᠠᠳ ᠥᠬᠡᠶ ᠨᠡᠪᠲᠡᠷᠡᠬᠦ ᠵᠠᠮ︾ ᠤᠨ ᠪᠠᠲᠤᠯᠠᠭ᠎ᠠ ᠶᠢᠨ ᠲᠣᠭᠲᠠᠴᠠ ᠶᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ 7 × 24 ᠴᠠᠭ ᠤᠨ ᠤᠷᠢᠳᠴᠢᠯᠠᠨ ᠪᠣᠯᠵᠣᠵᠤ ᠪᠣᠭᠤᠮᠲᠠ ᠪᠠᠷ | ᠥᠩᠭᠡᠷᠡᠭᠦᠯᠬᠦ᠂ ᠲᠦᠷᠭᠡᠨ ᠪᠣᠭᠤᠮᠲᠠ ᠪᠠᠷ ᠰᠢᠯᠭᠠᠨ ᠪᠠᠶᠢᠴᠠᠭᠠᠵᠤ ᠥᠩᠭᠡᠷᠡᠭᠦᠯᠬᠦ᠂ ᠤᠷᠢᠳᠠᠪᠠᠷ ᠬᠡᠪ ᠤᠨ ᠪᠤᠰᠤ | ᠪᠠᠶᠢᠳᠠᠯ ᠢᠶᠠᠷ ᠰᠢᠢᠳᠪᠦᠷᠢᠯᠡᠬᠦ ᠶᠢ ᠬᠡᠷᠡᠭᠵᠢᠭᠦᠯᠪᠡ᠃ ᠰᠢᠭᠤᠳ ᠰᠠᠪᠠᠯᠠᠬᠤ ᠲᠤᠬᠠᠶᠢᠯᠠᠭᠰᠠᠨ ᠠᠵᠢᠯ ᠢ ᠦᠷᠭᠦᠯᠵᠢᠯᠡᠨ | ᠠᠬᠢᠭᠤᠯᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ︽ᠲᠡᠷᠭᠡᠨ | ᠬᠠᠵᠠᠭᠤ ᠶᠢ ᠰᠢᠭᠤᠳ ᠬᠦᠷᠭᠡᠬᠦ︾ ᠪᠠ ᠭᠠᠳᠠᠭᠠᠳᠤ ᠳᠤ ᠭᠠᠷᠭᠠᠬᠤ ︽ᠲᠠᠯᠠᠪᠠᠢ ᠳᠤ ᠬᠦᠷᠭᠡᠵᠦ ᠰᠢᠭᠤᠳ | ᠠᠴᠢᠶᠠᠯᠠᠬᠤ︾ ᠵᠠᠭᠪᠤᠷ ᠤᠨ ᠬᠡᠷᠡᠭᠯᠡᠭᠡᠨ ᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠎ᠡ᠃ ︽ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠢᠤᠳᠠᠨ ᠤ ᠵᠦᠢᠯ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ︾ ᠶᠢᠨ ᠵᠠᠭᠪᠤᠷ ᠢ ᠬᠡᠷᠡᠭᠵᠢᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠨ᠎ᠡ᠃ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠨ | ᠲᠡᠭᠡᠭᠡᠪᠦᠷᠢᠯᠡᠬᠦ ᠵᠠᠭᠪᠤᠷ ᠢ ᠬᠠᠶᠢᠨ ᠰᠦᠪᠡᠭᠴᠢᠯᠡᠬᠦ ᠶᠢ ᠳᠡᠮᠵᠢᠵᠦ᠂ ︽ᠪᠣᠭᠤᠮᠲᠠ ᠶᠢᠨ ᠲᠡᠮᠦᠷ ᠵᠠᠮ ᠨᠡᠪᠲᠡᠷᠡᠬᠦ︾ | ᠲᠥᠷᠥᠯ ᠵᠦᠢᠯ ᠤᠨ ᠬᠠᠮᠲᠤᠷᠠᠯᠴᠠᠭ᠎ᠠ ᠶᠢ ᠪᠣᠳᠠᠲᠠᠶ ᠶᠢ ᠡᠷᠬᠢᠮᠯᠡᠨ ᠠᠬᠢᠭᠤᠯᠵᠤ᠂ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠶᠢᠨ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ ᠳᠤ ᠬᠦᠴᠦᠨ ᠨᠡᠮᠡᠷᠢᠯᠡᠨ᠎ᠡ᠃ | | |