ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ    ︽ᠴᠠᠭᠳᠠᠭᠠᠨ ᠤ ᠬᠥᠬᠡ ᠲᠦᠷᠭᠡᠨ ᠳᠠᠮᠵᠢᠭᠤᠯᠭ᠎ᠠ︾ ᠶᠢ ᠬᠦᠷᠭᠡᠵᠦ ᠢᠷᠡᠯ᠎ᠡ
ᠨᠡᠶᠢᠲᠡᠯᠡᠭᠰᠡᠨ ᠴᠠᠭ᠄
2024/3/28
        ᠬᠤᠲᠠ ᠶᠢᠨ ᠭᠡᠷᠡᠯᠳᠦᠠᠣᠳᠦ ᠰᠣᠮᠣᠨ ᠤ ᠬᠥᠭᠵᠢᠯᠲᠤᠶᠠᠭ᠎ᠠ ᠭᠠᠴᠠᠭᠠᠨ ᠤ ᠨᠢᠭᠡᠨ ᠮᠣᠩᠭᠤᠯ ᠭᠡᠷ ᠮᠠᠶ᠋ᠢᠭ ᠤᠨ ᠬᠢᠯᠢ ᠶᠢᠨ ᠬᠠᠮᠠᠭᠠᠯᠠᠯᠲᠠ ᠶᠢᠨ ᠥᠷᠲᠡᠭᠡ ᠳᠤ ᠬᠥᠷ ᠬᠥᠭᠵᠢᠶᠡᠨ ᠲᠠᠢ ᠪᠠᠶᠢᠵᠤ᠂ ᠡᠷᠢᠶᠡᠨ ᠬᠤᠳᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠴᠠᠭᠳᠠᠭ᠎ᠠ ᠲᠦᠷᠭᠡᠨ ᠬᠦᠷᠭᠡᠯᠲᠡ ᠶᠢᠨ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠬᠢ ᠶᠢᠨ ᠤᠬᠠᠭᠤᠯᠤᠨ ᠲᠠᠶᠢᠯᠪᠤᠷᠢᠯᠠᠭᠴᠢ ᠶᠠᠭ ᠬᠢᠯᠢ ᠶᠢᠨ ᠬᠠᠮᠠᠭᠠᠯᠠᠭᠴᠢ᠂ ᠮᠠᠯᠴᠢᠨ ᠲᠦᠮᠡᠨ᠂ ᠬᠢᠯᠢ ᠳᠣᠲᠣᠷᠠᠬᠢ ᠠᠵᠤ ᠠᠬᠤᠶᠢᠯᠠᠯ ᠤᠨ ᠠᠵᠢᠯᠲᠠᠳ ᠲᠠᠢ ᠮᠣᠩᠭᠤᠯ ᠭᠡᠷ ᠲᠤ ᠲᠣᠭᠤᠷᠢᠨ ᠰᠠᠭᠤᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠪᠦᠬᠦ ᠤᠯᠤᠰ ᠤᠨ ᠬᠤᠶᠠᠷ ᠬᠤᠷᠠᠯ ᠤᠨ ᠠᠭᠤᠯᠭ᠎ᠠ ᠶᠢ ᠤᠯᠠᠮᠵᠢᠯᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠤᠪᠢᠶᠠᠯᠴᠠᠨ ᠡᠳ᠋ᠯᠡᠪᠡ᠃    ᠤᠯᠠᠨ ᠢᠶᠠᠷ ᠢᠶᠠᠨ ᠪᠠᠶᠢᠨ ᠪᠠᠶᠢᠨ ᠠᠷᠠᠳ ᠤᠨ ᠴᠠᠭᠳᠠᠭ᠎ᠠ ᠲᠠᠢ ᠬᠠᠮᠲᠤ ᠪᠦᠬᠦ ᠤᠯᠤᠰ ᠤᠨ ᠬᠤᠶᠠᠷ ᠬᠤᠷᠠᠯ ᠤᠨ ᠤᠬᠠᠭᠤᠯᠭ᠎ᠠ ᠮᠡᠳᠡᠭᠡᠯᠡᠯ ᠢ ᠤᠩᠰᠢᠵᠤ᠂ ᠪᠠᠶᠢᠨ ᠪᠠᠶᠢᠨ ᠬᠠᠷᠢᠯᠴᠠᠨ ᠰᠣᠯᠢᠯᠴᠠᠨ ᠶᠠᠷᠢᠯᠴᠠᠵᠤ᠂ ᠤᠬᠠᠭᠤᠯᠤᠨ ᠲᠠᠶᠢᠯᠪᠤᠷᠢᠯᠠᠭᠴᠢ ᠶᠢᠨ ᠤᠯᠠᠮᠵᠢᠯᠠᠭᠰᠠᠨ ᠬᠤᠶᠠᠷ ᠬᠤᠷᠠᠯ ᠤᠨ ᠰᠠᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠬᠠᠮᠤᠭ ᠤᠨ ᠳᠣᠤᠷ᠎ᠠ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠦᠨ᠎ᠡ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠬᠤᠶᠠᠷ ᠬᠤᠷᠠᠯ ᠢ ᠤᠭᠲᠤᠬᠤ ᠬᠤᠶᠠᠷ ᠬᠤᠷᠠᠯ ᠤᠨ ᠰᠠᠶᠢᠨ ᠲᠦᠷᠦ ᠶᠢᠨ ᠪᠤᠳᠤᠯᠭ᠎ᠠ ᠨᠢ ᠤᠯᠠᠨ ᠤ ᠠᠩᠬᠠᠷᠤᠯ ᠢ ᠶᠡᠬᠡᠳᠡ ᠲᠠᠲᠠᠪᠠ᠃    ᠭᠤᠷᠪᠠᠨ ᠦᠶ᠎ᠡ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠭᠴᠢ ᠦᠨᠢᠮᠦ᠋ᠩᠭᠡ ᠶᠢᠨ ᠡᠬᠡᠨᠡᠷ ᠨᠢ ᠤᠬᠠᠭᠤᠯᠤᠨ ᠳᠠᠶᠢᠯᠪᠣᠷᠢᠯᠠᠯᠳᠠ ᠶᠢ ᠰᠣᠨᠣᠰᠣᠭᠰᠠᠨ ᠤ ᠳᠠᠷᠠᠭ᠎ᠠ᠄ ︽ᠥᠨᠥᠳᠦᠷ ᠤᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ ᠪᠠᠷᠠᠭᠰᠠᠨ ᠤ ᠳᠠᠷᠠᠭ᠎ᠠ ᠪᠢ ᠮᠠᠰᠢ ᠰᠡᠳᠬᠢᠯ ᠳᠣᠭᠳᠣᠯᠵᠤ᠂ ᠮᠠᠰᠢ ᠪᠠᠶᠠᠷᠯᠠᠵᠤ᠂ ᠮᠠᠨ ᠤ ᠮᠠᠯᠴᠢᠨ ᠲᠦᠮᠡᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠪᠠ᠃ ᠪᠢᠳᠡ ᠲᠣᠮᠢᠯᠠᠭᠰᠠᠨ ᠰᠠᠯᠪᠤᠷᠢ ᠶᠢᠨ ᠠᠷᠠᠳ ᠤᠨ ᠪᠠ ᠲᠤᠰᠠᠯᠠᠬᠤ ᠴᠠᠭᠳᠠᠭ᠎ᠠ ᠨᠠᠷ ᠲᠠᠢ ᠬᠠᠮᠲᠤ ᠬᠢᠯᠢ ᠬᠢᠵᠠᠭᠠᠷ ᠢ ᠰᠠᠶᠢᠲᠤᠷ ᠰᠠᠬᠢᠵᠤ᠂ ᠮᠠᠨ ᠤ ᠡᠬᠡ ᠤᠯᠤᠰ ᠤᠨ ᠤᠮᠠᠷᠠᠲᠤ ᠬᠢᠯᠢ ᠶᠢᠨ ᠲᠠᠯ᠎ᠠ ᠨᠤᠲᠤᠭ ᠢᠶᠠᠨ ᠰᠠᠶᠢᠲᠤᠷ ᠰᠠᠬᠢᠨ ᠬᠠᠮᠠᠭᠠᠯᠠᠬᠤ ᠳᠤ ᠨᠡᠩ ᠢᠲᠡᠭᠡᠯ ᠲᠠᠢ ᠪᠠᠶᠢᠨ᠎ᠠ︾ ᠭᠡᠵᠦ ᠬᠡᠯᠡᠪᠡ᠃    ᠣᠶᠢᠯᠠᠭᠠᠭᠰᠠᠨ ᠢᠶᠠᠷ᠂ ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ︽ᠴᠠᠭᠳᠠᠭᠠᠨ ᠤ ᠬᠥᠬᠡ ᠲᠦᠷᠭᠡᠨ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠦᠰᠢᠭᠯᠡᠨ᠂ ᠨᠠᠷᠠᠲᠤ ᠲᠡᠮᠳᠡᠭᠲᠦ ᠶᠢᠨ ᠦᠢᠯᠡᠳᠦᠯ ᠢ ᠤᠷᠲᠤᠳᠬᠠᠵᠤ᠂ ︽ᠴᠠᠭᠳᠠᠭᠠᠨ ᠤ ᠬᠥᠬᠡ ᠲᠦᠷᠭᠡᠨ ᠳᠠᠮᠵᠢᠭᠤᠯᠬᠤ︾ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠬᠤᠶᠠᠷ ᠬᠤᠷᠠᠯ ᠤᠨ ᠮᠡᠳᠡᠯᠭᠡ ᠶᠢ ᠴᠠᠭ ᠲᠤᠬᠠᠶ ᠳᠤᠨᠢ ᠡᠮᠬᠢᠯᠡᠨ ᠬᠤᠷᠢᠶᠠᠩᠭᠤᠶᠢᠯᠠᠵᠤ᠂ ᠰᠤᠮᠤ ᠭᠠᠴᠠᠭ᠎ᠠ᠂ ᠬᠢᠯᠢ ᠶᠢᠨ ᠬᠠᠮᠠᠭᠠᠯᠠᠯᠲᠠ ᠶᠢᠨ ᠥᠷᠲᠡᠭᠡ᠂ ᠬᠢᠯᠢ ᠳᠤ ᠬᠤᠯᠪᠣᠭᠳᠠᠬᠤ ᠠᠵᠤ ᠠᠬᠤᠶᠢᠯᠠᠯ ᠵᠡᠷᠭᠡ ᠭᠠᠵᠠᠷ ᠲᠤ ᠭᠦᠨᠵᠡᠭᠡᠶᠢᠷᠡᠨ᠂  ᠰᠢᠨ᠎ᠡ ᠲᠥᠷᠥ ᠶᠢᠨ ᠪᠣᠳᠣᠯᠭ᠎ᠠ ᠶᠢ ᠲᠦᠷᠭᠡᠨ ᠳᠠᠮᠵᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号