ᠡᠯᠡᠰᠦᠨ ᠰᠢᠭᠤᠷᠭ᠎ᠠ ᠢᠷᠡᠯ᠎ᠡ︕  ᠠᠵᠢᠯ ᠤᠨ ᠪᠠᠶᠢᠷᠢ ᠪᠠᠨ ᠰᠠᠬᠢᠵᠤ ᠪᠣᠭᠤᠮᠲᠠ ᠪᠠᠷ ᠥᠩᠭᠡᠷᠡᠬᠦ ᠶᠢ ᠪᠠᠳᠣᠯᠠᠨ᠎ᠠ
ᠨᠡᠶᠢᠲᠡᠯᠡᠭᠰᠡᠨ ᠴᠠᠭ᠄
2024/3/28
    ᠬᠦᠢᠲᠡᠨ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ 3 ᠰᠠᠷ᠎ᠠ ᠶᠢᠨ 27 ᠤ ᠡᠳᠦᠷ ᠮᠠᠨ ᠤ ᠬᠤᠲᠠ ᠳᠤ ᠰᠢᠨ᠎ᠡ ᠨᠢᠭᠡ ᠡᠭᠡᠯᠵᠢ ᠶᠢᠨ ᠶᠡᠭᠡ ᠰᠠᠯᠬᠢ᠂ ᠡᠯᠡᠰᠦᠨ ᠰᠢᠭᠤᠷᠭ᠎ᠠ᠂ ᠳᠤᠯᠠᠭᠠᠨ ᠪᠠᠭᠤᠷᠠᠬᠤ ᠴᠠᠭ ᠠᠭᠤᠷ ᠤᠨ ᠶᠠᠪᠤᠴᠠ ᠢᠯᠡᠷᠡᠵᠦ᠂ ᠬᠠᠮᠤᠭ ᠤᠨ ᠥᠨᠳᠥᠷ ᠠᠭᠠᠷ ᠤᠨ ᠳᠤᠯᠠᠭᠠᠨ 8 ℃ ᠣᠷᠴᠢᠮ ᠪᠠᠭᠤᠷᠠᠪᠠ᠃ ᠡᠨᠡ ᠪᠣᠯ ᠬᠠᠪᠤᠷ ᠠᠴᠠ ᠨᠠᠰᠢᠬᠢ ᠮᠠᠨ ᠤ ᠬᠤᠲᠠ ᠶᠢᠨ ᠬᠠᠮᠤᠭ ᠤᠨ ᠶᠡᠭᠡ ᠡᠯᠡᠰᠦᠨ ᠰᠢᠭᠤᠷᠭ᠎ᠠ ᠪᠣᠯᠤᠨ᠎ᠠ᠃
    ᠲᠤᠰ ᠡᠳᠦᠷ ᠤᠨ 16 ᠴᠠᠭ ᠤᠨ ᠲᠦᠢᠯ ᠤᠨ ᠶᠡᠭᠡ ᠰᠠᠯᠬᠢᠨ ᠤ ᠬᠤᠷᠳᠤᠴᠠ 28.8m/s᠂ 11 ᠳᠡᠰ ᠲᠤ ᠬᠦᠷᠴᠦ᠂ ᠦᠵᠡᠭᠳᠡᠴᠡ ᠶᠢᠨ ᠬᠡᠮᠵᠢᠶ᠎ᠡ ᠨᠢ 163 ᠮᠧᠲᠷ ᠲᠤ ᠬᠦᠷᠴᠦ᠂ ᠲᠦᠢᠯ ᠤᠨ ᠴᠠᠭ ᠠᠭᠤᠷ ᠨᠢ ᠪᠣᠭᠤᠮᠲᠠ ᠪᠠᠷ ᠥᠩᠭᠡᠷᠡᠬᠦ ᠳᠤ ᠵᠣᠬᠢᠬᠤ ᠨᠥᠯᠥᠭᠡ ᠦᠵᠡᠭᠦᠯᠵᠡᠶ᠃ ᠪᠣᠭᠤᠮᠲᠠ ᠪᠠᠷ ᠥᠩᠭᠡᠷᠡᠬᠦ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠳᠣᠯᠠᠳᠠ᠂ ᠬᠠᠮᠲᠤᠷᠠᠨ ᠪᠠᠶᠢᠴᠠᠭᠠᠵᠤ ᠬᠤᠯᠪᠣᠭᠠᠯᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠣᠭᠤᠮᠲᠠ ᠪᠠᠷ ᠥᠩᠭᠡᠷᠡᠬᠦ ᠪᠡᠯᠡᠳᠬᠡᠯ ᠲᠥᠰᠦᠯ ᠢ ᠲᠡᠷᠡ ᠳᠠᠷᠤᠶ ᠳᠤᠨᠢ ᠡᠬᠢᠯᠡᠭᠦᠯᠵᠦ᠂ ᠪᠣᠭᠤᠮᠲᠠ ᠶᠢᠨ ᠲᠤᠬᠠᠶ ᠶᠢᠨ ᠲᠠᠯᠠᠪᠤᠷ ᠤᠨ ᠠᠵᠢᠯᠲᠠᠳ ᠮᠠᠭᠤ ᠴᠠᠭ ᠠᠭᠤᠷ ᠤᠨ ᠨᠥᠯᠥᠭᠡ ᠶᠢ ᠢᠯᠡᠨ ᠳᠠᠪᠠᠵᠤ᠂ ᠠᠵᠢᠯ ᠤᠨ ᠪᠠᠶᠢᠷᠢ ᠪᠠᠨ ᠴᠢᠩᠭ᠎ᠠ ᠰᠠᠬᠢᠵᠤ᠂ ᠪᠣᠭᠤᠮᠲᠠ ᠪᠠᠷ ᠥᠩᠭᠡᠷᠡᠬᠦ ᠶᠢᠨ ᠤᠷᠤᠭᠰᠢᠲᠠᠶ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号