ᠰᠤᠷᠭᠠᠨ ᠬᠥᠮᠦᠵᠢᠯ ᠤᠨ ᠶᠠᠮᠤᠨ 2024 ᠣᠨ ᠤ ᠰᠤᠷᠭᠠᠨ ᠬᠥᠮᠦᠵᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/28
      2024 ᠣᠨ ᠤ ᠪᠦᠬᠦ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ ᠤᠢᠢᠯᠠᠭᠠᠭᠰᠠᠠ ᠢᠶᠠᠷ᠂ ᠰᠤᠷᠭᠠᠨ ᠬᠥᠮᠦᠵᠢᠯ ᠤᠨ ᠶᠠᠮᠤᠨ ᠡᠨᠡ ᠵᠢᠯ 7 ᠲᠠᠯ᠎ᠠ ᠪᠠᠷ ᠪᠥᠬᠦ ᠵᠢᠯ ᠤᠨ ᠰᠤᠷᠭᠠᠨ ᠬᠥᠮᠦᠵᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄ ᠮᠤᠷᠠᠯ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠰᠢᠨ᠎ᠡ ᠠᠮᠢ ᠠᠬᠤᠶ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠦᠢᠯᠡᠳᠦᠯ ᠢ ᠴᠢᠩᠭᠠᠷᠠᠭᠤᠯᠵᠤ᠂ ᠰᠠᠭᠤᠷᠢ ᠰᠤᠷᠭᠠᠨ ᠬᠥᠮᠦᠵᠢᠯ ᠤᠨ ᠰᠠᠭᠤᠷᠢ ᠴᠡᠭ ᠢ ᠴᠢᠨᠠᠭᠰᠢᠲᠠ ᠪᠠᠬᠢᠵᠢᠭᠦᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠪᠠ ᠲᠠᠲᠠᠬᠤ ᠬᠦᠴᠦᠨ ᠢ ᠨᠡᠮᠡᠭᠳᠡᠭᠦᠯᠵᠤ᠂ ᠰᠤᠷᠭᠠᠨ ᠬᠥᠮᠦᠵᠢᠯ ᠤᠨ ᠲᠣᠭᠠᠴᠢᠯᠠᠭᠰᠠᠨ ᠰᠢᠨ᠎ᠡ ᠤᠷᠤᠯᠳᠤᠭᠠᠨ ᠤ ᠵᠠᠮ ᠢ ᠲᠠᠰᠤᠷᠠᠯᠲᠠ ᠥᠬᠡᠶ ᠨᠡᠭᠡᠭᠡᠵᠤ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠭᠠᠳᠠᠭᠠᠳᠤ ᠨᠡᠬᠡᠬᠡᠯᠳᠡ ᠶᠢ ᠡᠷᠡᠰ ᠠᠬᠢᠭᠤᠯᠵᠤ᠂ ᠰᠤᠷᠭᠠᠨ ᠬᠦᠮᠦᠵᠢᠯᠳᠡᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠤᠷᠠᠯ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠰᠢᠨ᠎ᠡ ᠠᠮᠢ ᠠᠬᠤᠢ ᠰᠢᠨ᠎ᠡ ᠪᠠᠶᠢᠷᠢᠰᠢᠯ ᠳᠤ ᠴᠢᠭᠯᠡᠭᠦᠯᠦᠨ᠂ ᠬᠤᠷᠠᠯ ᠠᠴᠠ ᠮᠤᠷᠠᠯ ᠢᠶᠠᠷ ᠬᠥᠮᠦᠨ ᠢ ᠬᠥᠮᠦᠵᠢᠭᠦᠯᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠡᠶ᠎ᠡ ᠰᠡᠳᠭᠢᠯ ᠤᠨ ᠡᠷᠡᠭᠦᠯ ᠮᠡᠨᠳᠦ ᠪᠠᠷ ᠰᠢᠪᠲᠤᠯᠤᠯᠲᠠ ᠶᠢᠨ ᠴᠡᠭ ᠪᠣᠯᠭᠠᠵᠤ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ ᠭᠡᠵᠦ ᠳᠤᠷᠠᠳᠪᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠂ ᠬᠤᠷᠠᠯ ᠠᠴᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠤᠶᠢᠯᠡᠳᠪᠤᠷᠢᠯᠠᠯ ᠵᠢᠭᠠᠨ ᠰᠤᠷᠭᠠᠯᠳᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠮᠡᠷᠭᠡᠵᠢᠯ ᠤᠨ ᠰᠢᠯᠵᠢᠯᠳᠡ ᠪᠠᠷ ᠬᠤᠯᠪᠣᠭᠠᠰᠤ ᠪᠣᠯᠭᠠᠨ ︽ᠳᠥᠷᠪᠡᠨ ᠬᠡᠯᠬᠢᠶ᠎ᠡ︾ ᠶᠢᠨ ᠠᠭᠤᠰᠤᠯᠴᠠᠯ ᠢ ᠠᠬᠢᠭᠤᠯᠬᠤ ᠭᠡᠷᠡᠭᠳᠠᠢ︔ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠦᠢᠯᠡᠴᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠳᠠᠢ ᠬᠡᠵᠤ ᠱᠠᠭᠠᠷᠳᠠᠪᠠ᠃ ᠰᠠᠭᠤᠷᠢ ᠰᠤᠷᠭᠠᠨ ᠬᠥᠮᠦᠵᠢᠯ ᠤᠨ ᠲᠠᠯ᠎ᠠ ᠪᠠᠷ᠂ ᠬᠤᠷᠠᠯ ᠠᠴᠠ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠴᠢᠭᠯᠡᠭᠦᠯᠦᠨ ᠤᠷᠢᠳᠠᠴᠢ ᠴᠢᠨᠠᠷᠲᠠᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠥᠷᠭᠡᠳᠭᠡᠬᠦ ᠢᠨᠵᠧᠨᠧᠷᠢᠩ ᠢ ᠭᠦᠨᠵᠡᠭᠡᠶᠢᠷᠡᠭᠦᠯᠵᠦ᠂ ︽ᠬᠤᠶᠠᠷ ᠢ ᠬᠦᠩᠬᠡᠷᠡᠬᠦᠯᠬᠦ︾ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠪᠠᠷ ᠪᠠᠶᠢᠷᠢᠯᠠᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠬᠤᠷᠠᠯ ᠠᠴᠠ ᠠᠵᠤ ᠦᠢᠯᠡᠰ ᠯᠦᠭᠡ ᠤᠶᠠᠯᠳᠤᠭᠤᠯᠬᠤ᠂ ᠣᠷᠣᠨ ᠨᠤᠲᠤᠭ ᠪᠣᠯᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠯᠤᠭ᠎ᠠ ᠤᠶᠠᠯᠳᠤᠭᠤᠯᠬᠤ᠂ ᠨᠡᠶᠢᠭᠡᠮ ᠤᠨ ᠣᠷᠣᠨ ᠪᠦᠰᠡ ᠶᠢᠨ ᠪᠦᠲᠦᠴᠡ ᠯᠦᠭᠡ ᠤᠶᠠᠯᠳᠤᠭᠤᠯᠬᠤ᠂ ᠬᠤᠪᠢ ᠬᠥᠮᠦᠨ ᠤ ᠨᠠᠰᠤᠨ ᠲᠤᠷᠰᠢᠳᠠ ᠶᠢᠨ ᠰᠤᠷᠤᠯᠴᠠᠯᠭ᠎ᠠ ᠯᠤᠭ᠎ᠠ ᠤᠶᠠᠯᠳᠤᠭᠤᠯᠬᠤ ᠶᠢ ᠪᠠᠷᠢᠮᠲᠠᠯᠠᠵᠤ᠂ ᠮᠤᠵᠢ ᠶᠢᠨ ᠬᠡᠪᠴᠢᠶᠡᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠬᠡᠪᠴᠢᠶᠡᠨ ᠤ ᠤᠶᠢᠯᠡᠳᠪᠤᠷᠢᠯᠠᠯ ᠵᠢᠭᠠᠨ ᠰᠤᠷᠭᠠᠯᠳᠠ ᠶᠢᠨ ᠬᠤᠯᠪᠣᠭᠠᠲᠤ ᠴᠣᠭᠴᠠ᠂ ᠠᠵᠢᠯ ᠲᠥᠷᠥᠯ ᠤᠨ ᠤᠶᠢᠯᠡᠳᠪᠤᠷᠢᠯᠠᠯ ᠵᠢᠭᠠᠨ ᠰᠤᠷᠭᠠᠯᠳᠠ ᠶᠢᠨ ᠠᠭᠤᠰᠤᠯᠴᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠯᠢ ᠲᠦᠷᠭᠡᠨ ᠢᠶᠠᠷ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠬᠥᠮᠦᠨ ᠢ ᠬᠦᠮᠦᠵᠢᠭᠦᠯᠬᠦ ᠪᠠᠷ ᠭᠤᠤᠯ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠦᠨᠳᠦᠰᠦᠨ ᠴᠢᠬᠤᠯᠠ ᠠᠭᠤᠯᠭ᠎ᠠ ᠪᠣᠯᠭᠠᠵᠤ᠂ ᠰᠤᠷᠭᠠᠭᠤᠯᠢ ᠡᠷᠭᠢᠯᠡᠬᠦ ᠶᠠᠰᠤ ᠴᠢᠨᠠᠷ ᠤᠨ ᠥᠨᠳᠥᠷ ᠲᠦᠪᠰᠢᠨ᠂ ᠤᠶᠢᠯᠡᠳᠪᠤᠷᠢᠯᠠᠯ ᠵᠢᠭᠠᠨ ᠰᠤᠷᠭᠠᠯᠳᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠶ ᠪᠠᠶᠢᠬᠤ ᠶᠢ ᠪᠡᠶᠡᠯᠡᠭᠦᠯᠦᠨ᠎ᠡ ᠭᠡᠵᠦ ᠳᠤᠷᠠᠳᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号