ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠬᠤ ᠪᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/3/29
    ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠪᠠ      ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 21 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠤᠮᠠᠷᠠᠲᠤ ᠶᠢᠨ ᠨᠡᠶᠢᠭᠡᠮ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠤᠲᠠ ᠶᠢᠨ ᠬᠥᠬᠡ ᠨᠡᠶᠢᠭᠡᠮ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠪᠣᠯᠤᠨ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃      ᠴᠠᠭᠳᠠᠨ ᠪᠠᠶᠢᠴᠠᠭᠠᠬᠤ ᠳᠤᠭᠤᠶᠢᠯᠠᠩ ᠠᠴᠠ᠂ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯᠯᠠᠬᠤ ᠬᠤᠷᠢᠶ᠎ᠠ︶ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠲᠣᠰ ᠡᠭᠡᠯᠵᠢ ᠶᠢᠨ ᠴᠠᠭᠳᠠᠨ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ ᠭᠡᠵᠦ ᠵᠢᠭᠠᠵᠦ ᠭᠠᠷᠭᠠᠪᠠ᠃      ᠴᠠᠭᠳᠠᠨ ᠪᠠᠶᠢᠴᠠᠭᠠᠬᠤ ᠳᠤᠭᠤᠶᠢᠯᠠᠩ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢ ᠪᠠᠶᠢᠷᠢᠯᠠᠭᠤᠯᠬᠤ ᠶᠢᠨ ᠵᠣᠷᠢᠯᠭ᠎ᠠ ᠪᠣᠯ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠪᠠᠷ ᠳᠠᠮᠵᠢᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠤᠯᠤᠰ ᠲᠥᠷᠥ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠴᠢᠳᠠᠪᠤᠷᠢ ᠶᠢᠨ ᠠᠰᠠᠭᠤᠳᠠᠯ᠂ ᠰᠤᠷᠲᠠᠯ ᠤᠨ ᠠᠰᠠᠭᠤᠳᠠᠯ ᠪᠠ ᠢᠯᠵᠠᠷᠠᠯ ᠤᠨ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠳᠥᠯᠭᠢᠨ ᠠᠬᠢᠭᠤᠯᠬᠤ ᠶᠢᠨ ᠲᠥᠯᠥᠭᠡ ᠶᠤᠮ᠃ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯ ᠤᠨ ᠬᠤᠷᠢᠶ᠎ᠠ︶ ᠤᠨ ᠱᠦᠵᠢ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠦᠷᠦᠭᠦᠦ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠲᠦᠷᠦᠭᠦᠯᠡᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠯ᠎ᠠ ᠪᠠᠷ ᠬᠡᠪ ᠳᠠᠭᠤᠷᠢᠶᠠᠯ ᠪᠤᠯᠵᠤ᠂ ᠦᠯᠢᠭᠡᠷ ᠳᠠᠭᠤᠷᠢᠶᠠᠯ ᠪᠤᠯᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠲᠡᠢ ᠮᠥᠷᠲᠡᠭᠡᠨ ᠪᠠᠰᠠ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶᠠᠨ ᠳᠣᠲᠣᠷ᠎ᠠ ᠪᠠᠨ ᠴᠢᠩᠭ᠎ᠠ ᠬᠠᠮᠢᠶᠠᠷᠬᠤ ᠬᠡᠷᠡᠭᠲᠡᠢ᠃ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯᠯᠠᠬᠤ ᠬᠤᠷᠢᠶ᠎ᠠ︶ ᠨᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠡᠳᠬᠢᠯ ᠰᠠᠨᠠᠭ᠎ᠠ ᠪᠠᠨ ᠬᠥᠭᠵᠢᠯᠲᠡ ᠳᠡᠭᠡᠷ᠎ᠡ ᠬᠡᠷᠡᠭᠯᠡᠬᠦ᠂ ᠤᠶᠤᠨ ᠴᠢᠳᠠᠯ ᠢᠶᠠᠨ ᠠᠵᠢᠯ ᠳᠡᠭᠡᠷ᠎ᠡ ᠪᠠᠨ ᠲᠠᠯᠪᠢᠬᠤ ᠶᠢ ᠬᠥᠲᠥᠯᠥᠨ ᠵᠢᠯᠣᠭᠤᠳᠬᠤ ᠪᠠ ᠱᠠᠯᠠᠪᠳᠠᠭᠤᠯᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯᠯᠠᠬᠤ ᠬᠤᠷᠢᠶ᠎ᠠ︶ ᠤᠨ ᠭᠤᠤᠯ ᠬᠠᠷᠢᠭᠤᠴᠠᠯᠭᠠᠲᠠᠨ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯᠯᠠᠬᠤ ᠬᠤᠷᠢᠶ᠎ᠠ︶ ᠤᠨ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾᠂ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯᠯᠠᠬᠤ ᠬᠤᠷᠢᠶ᠎ᠠ︶ ᠤᠨ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠤᠨ ᠨᠢᠭᠡ ᠤᠳᠠᠭᠠᠨ ᠤ ᠬᠢᠨᠠᠯᠲᠠ ᠪᠠᠶᠢᠴᠠᠭᠠᠯᠲᠠ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠢᠯᠭᠠᠨ ᠦᠵᠡᠵᠦ ᠪᠠᠶᠢᠨ᠎ᠠ ᠭᠡᠵᠡᠶ᠃ ᠴᠠᠭᠳᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠳᠠᠭᠠᠵᠤ᠂ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠴᠠᠭᠳᠠᠨ ᠪᠠᠶᠢᠴᠠᠭᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠴᠠᠭᠳᠠᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ ᠨᠢ 2024 ᠣᠨ ᠤ 4 ᠰᠠᠷ᠎ᠠ ᠶᠢᠨ 23 ᠤ ᠡᠳᠦᠷ ᠪᠣᠯᠲᠠᠯ᠎ᠠ ᠦᠷᠭᠦᠯᠵᠢᠯᠡᠨ᠎ᠡ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠬᠤᠲᠠ ᠶᠢᠨ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠠᠵᠢᠯᠯᠠᠬᠤ ᠬᠤᠷᠢᠶ᠎ᠠ︶ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠵᠢᠴᠢ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠤᠨ ᠲᠤᠬᠠᠢ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠬᠤ ᠪᠠᠨ ᠪᠡᠶᠡᠯᠡᠭᠦᠯᠪᠡ      ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 21 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠷᠣᠵᠤ ᠰᠠᠭᠤᠬᠤ ᠶᠢ ᠪᠡᠶᠡᠯᠡᠭᠦᠯᠦᠭᠰᠡᠨ ᠪᠥᠭᠡᠳ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号