ᠡᠷᠢᠶᠡᠨ ᠪᠣᠭᠤᠮᠲᠠ᠄ ᠭᠠᠳᠠᠭᠠᠳᠤ ᠳᠤ ᠭᠠᠷᠴᠤ ᠠᠵᠢᠯ ᠬᠢᠬᠦ ᠣᠷᠭᠢᠯ ᠴᠠᠭ ᠦᠶ᠎ᠡ ᠶᠢ ᠥᠨᠳᠥᠷ ᠪᠦᠲᠦᠮᠵᠢᠲᠡᠶ ᠪᠠᠷ ᠠᠷᠭᠠᠴᠠᠪᠠ
ᠨᠡᠶᠢᠲᠡᠯᠡᠭᠰᠡᠨ ᠴᠠᠭ᠄
2024/3/29
   ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ ᠠᠮᠢᠯᠠᠨ ᠠᠮᠢᠯᠠᠨ᠎ᠠ᠃ ᠣᠶᠢᠷ᠎ᠠ ᠶᠢᠨ ᠡᠳᠦᠷ ᠤᠳ ᠲᠤ᠂ ᠡᠷᠢᠶᠡᠨ ᠪᠣᠭᠤᠮᠲᠠ ᠨᠢ ᠭᠠᠳᠠᠭᠠᠳᠤ ᠳᠤ ᠭᠠᠷᠬᠤ ᠬᠥᠯᠥᠰᠥᠨ ᠠᠵᠢᠯ ᠬᠢᠬᠦ ᠪᠠᠷ ᠭᠠᠷᠬᠤ ᠣᠷᠭᠢᠯ ᠴᠠᠭ ᠦᠶ᠎ᠡ ᠶᠢ ᠤᠭᠲᠤᠨ ᠠᠪᠴᠢᠷᠠᠪᠠ᠃
     3 ᠳ᠋ᠤᠭᠠᠷ ᠰᠠᠷ᠎ᠠ ᠶᠢᠨ 28 ᠤ ᠡᠳᠦᠷ᠂  ᠮᠠᠨ ᠤ ᠣᠯᠣᠰ ᠤᠨ 40 ᠭᠠᠷᠤᠶ ᠠᠵᠢᠯᠴᠢᠨ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠳᠡᠮᠵᠢᠨ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠲᠤ ᠬᠦᠷᠴᠦ ᠬᠥᠯᠥᠰᠥᠨ ᠠᠵᠢᠯ ᠬᠢᠪᠡ᠃ ᠬᠥᠯᠥᠰᠥᠨ ᠠᠵᠢᠯᠴᠢᠳ ᠤᠨ ᠪᠦᠯᠬᠦᠮ ᠨᠡᠶᠢᠲᠡ ᠶᠢᠨ ᠪᠣᠭᠤᠮᠲᠠ ᠪᠠᠷ ᠥᠩᠭᠡᠷᠡᠬᠦ᠂ ᠣᠷᠣ ᠳᠡᠪᠢᠰᠬᠡᠷ ᠬᠡᠳᠦ ᠠᠷᠪᠢᠨ ᠪᠠᠶᠢᠬᠤ ᠵᠡᠷᠭᠡ ᠣᠨᠴᠠᠯᠢᠭ ᠢ ᠦᠨᠳᠦᠰᠦᠯᠡᠨ᠂ ᠡᠷᠢᠶᠡᠨ ᠪᠣᠭᠤᠮᠲᠠ ᠶᠢᠨ ᠬᠢᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠬᠦ ᠶᠢᠨ ᠬᠠᠮᠲᠤ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ ᠬᠢᠯᠢ ᠪᠠᠷ ᠣᠷᠣᠵᠤ ᠭᠠᠷᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠥᠲᠥᠯᠥᠨ ᠵᠢᠯᠣᠭᠤᠳᠣᠭᠴᠢ ᠶᠢ ᠨᠡᠮᠡᠨ ᠲᠣᠮᠢᠯᠠᠵᠤ ᠪᠣᠭᠤᠮᠲᠠ ᠪᠠᠷ ᠥᠩᠭᠡᠷᠡᠬᠦ ᠵᠢᠯᠣᠭᠤᠳᠣᠯᠭ᠎ᠠ ᠬᠠᠩᠭᠠᠵᠤ᠂ ᠨᠥᠬᠦᠷᠰᠡᠭ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠣᠶᠤᠨᠴᠢ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠣᠷᠴᠢᠨ ᠨᠥᠬᠦᠴᠡᠯ ᠢ ᠢᠳᠡᠪᠬᠢᠲᠡᠶ ᠪᠠᠶᠢᠭᠤᠯᠤᠨ᠎ᠠ᠃       ᠣᠶᠢᠯᠠᠭᠠᠭᠰᠠᠨ ᠢᠶᠠᠷ᠂ ᠵᠢᠯ ᠪᠦᠷᠢ ᠶᠢᠨ 3-4 ᠰᠠᠷ᠎ᠠ ᠳᠤ᠂ ᠮᠠᠨ ᠤ ᠤᠯᠤᠰ ᠠᠴᠠ ᠮᠣᠩᠭᠤᠯ ᠣᠯᠣᠰ ᠲᠤ ᠣᠴᠢᠵᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠡᠷᠢᠶᠡᠨ ᠪᠣᠭᠤᠮᠲᠠ ᠪᠠᠷ ᠳᠠᠮᠵᠢᠨ ᠬᠢᠯᠢ ᠪᠠᠷ ᠭᠠᠷᠴᠦ  ᠂ 11 ᠰᠠᠷ᠎ᠠ ᠳᠤ ᠤᠯᠤᠰ ᠲᠠᠭᠠᠨ ᠪᠤᠴᠠᠵᠤ ᠢᠷᠡᠨ᠎ᠡ᠃ ᠣᠲᠣ ᠪᠣᠯᠲᠠᠯ᠎ᠠ᠂ ᠡᠷᠢᠶᠡᠨ ᠪᠣᠭᠤᠮᠲᠠ ᠪᠠᠷ ᠳᠡᠮᠵᠢᠨ ᠭᠠᠳᠠᠭᠠᠳᠤ ᠳᠤ ᠭᠠᠷᠴᠤ ᠬᠥᠯᠥᠰᠥᠨ ᠠᠵᠢᠯ ᠬᠢᠭᠰᠡᠳ ᠨᠢᠭᠡᠨᠲᠡ 300 ᠭᠠᠷᠤᠢ ᠬᠥᠮᠥᠨ ᠤᠳᠠᠭ᠎ᠠ ᠳᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号