ᠰᠡᠷᠡᠮᠵᠢ ᠶᠢᠨ ᠬᠤᠩᠬᠤ︕ ᠣᠯᠠᠨ ᠰᠠᠯᠠᠭ᠎ᠠ ᠮᠥᠴᠢᠷ ᠬᠠᠮᠲᠤᠷᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/4
   2 ᠰᠠᠷ᠎ᠠ ᠶᠢᠨ 27 ᠤ ᠡᠳᠦᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠡᠯ᠎ᠡ ᠨᠡᠶᠢᠭᠡᠮ ᠲᠣᠭᠤᠷᠢᠭ ᠬᠠᠮᠲᠤᠷᠠᠨ ︽ᠳᠥᠷᠪᠡᠨ ᠥᠬᠡᠶ ᠬᠤᠶᠠᠷ ᠰᠢᠭᠤᠳ︾ ᠠᠷᠭ᠎ᠠ ᠬᠡᠯᠪᠡᠷᠢ ᠶᠢ ᠠᠪᠴᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠰᠠᠭᠤᠷᠢ ᠶᠢ ᠪᠠᠲᠤᠳᠬᠠᠪᠠ᠃
   ᠱᠠᠩ ᠴᠧᠩ ᠭᠥᠸᠧ ᠵᠢᠢ᠂ ᠳ᠋ᠠ ᠬᠤᠩ ᠳ᠋ᠢᠩ ᠵᠡᠷᠭᠡ ᠰᠠᠭᠤᠭᠠᠯᠢ ᠠᠷᠠᠳ ᠤᠨ ᠲᠣᠭᠤᠷᠢᠭ ᠲᠤ᠂ ᠪᠠᠶᠢᠴᠠᠭᠠᠬᠤ ᠠᠵᠢᠯᠲᠠᠳ ᠲᠤᠬᠠᠶ ᠶᠢᠨ ᠲᠠᠯᠠᠪᠤᠷ ᠲᠤ ᠬᠠᠶᠢᠨ ᠪᠠᠶᠢᠴᠠᠭᠠᠬᠤ ᠲᠠᠰᠢᠷᠠᠮ ᠢᠶᠠᠷ ᠶᠠᠷᠢᠯᠴᠠᠬᠤ ᠬᠡᠯᠪᠡᠷᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠠᠰᠠᠷ ᠲᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠲᠤ ᠣᠷᠣᠭᠤᠯᠤᠨ ᠡᠷᠦᠬᠡ ᠳᠤ ᠣᠷᠣᠭᠤᠯᠵᠤ ᠴᠠᠬᠢᠯᠭᠠᠨ ᠴᠡᠨᠡᠭᠯᠡᠭᠰᠡᠨ ᠡᠰᠡᠬᠦ᠂ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠤᠪᠤᠭᠠᠯᠠᠭᠰᠠᠨ ᠡᠰᠡᠬᠦ᠂ ᠭᠠᠯ ᠤᠨᠲᠠᠷᠠᠭᠠᠬᠤ ᠵᠠᠮ ᠰᠠᠭᠠᠳ ᠥᠬᠡᠶ ᠨᠡᠪᠲᠡᠷᠡᠬᠦ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃
  ᠪᠠᠶᠢᠴᠠᠭᠠᠯᠲᠠ ᠶᠢᠨ ᠳᠤᠮᠳᠠ᠂ ᠬᠡᠰᠡᠭ ᠵᠢᠵᠢᠭ ᠲᠣᠭᠤᠷᠢᠭ ᠤᠨ ᠬᠦᠷᠢᠶᠡᠨ ᠳᠤ ᠬᠠᠶᠠᠭᠳᠠᠮᠠᠯ ᠴᠠᠭᠠᠰᠤᠨ ᠬᠠᠶᠢᠷᠴᠠᠭ᠂ ᠬᠠᠶᠠᠭᠳᠠᠮᠠᠯ ᠬᠠᠭᠤᠴᠢᠨ ᠶᠠᠭᠤᠮ᠎ᠠ ᠣᠪᠣᠭᠠᠯᠠᠬᠤ ᠵᠡᠷᠭᠡ ᠦᠢᠯᠡ ᠠᠵᠢᠯᠯᠠᠭ᠎ᠠ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠥᠮᠴᠢᠲᠡᠨ ᠢ ᠢᠳᠡᠪᠬᠢᠲᠡᠶ ᠪᠠᠷ ᠢᠳᠬᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠵᠢᠵᠢᠭ ᠲᠣᠭᠤᠷᠢᠭ ᠤᠨ ᠠᠳᠠᠯ ᠠᠬᠤᠶ ᠶᠢ ᠮᠥᠷᠳᠡᠨ ᠰᠢᠮᠳᠠᠭᠤᠯᠤᠨ ᠭᠦᠢᠴᠡᠳᠭᠡᠬᠦ ᠶᠢ ᠴᠢᠩᠭᠠᠳᠬᠠᠨ᠂ ᠭᠠᠯ ᠤᠨ ᠭᠠᠮᠰᠢᠭ ᠤᠨ ᠳᠠᠯᠳᠠ ᠬᠡᠮ ᠢ ᠲᠦᠢᠯᠪᠤᠷᠢᠲᠠᠶ ᠠᠷᠢᠯᠭᠠᠬᠤ ᠶᠢ  ᠪᠠᠳᠣᠯᠠᠪᠠ︔ ︽ᠤᠲᠠᠰᠤ ᠪᠠᠷ ᠴᠠᠬᠢᠯᠭᠠᠨ ᠴᠡᠨᠡᠭᠯᠡᠬᠦ︾᠂ ᠠᠰᠠᠷ ᠤᠨ ᠭᠤᠳᠤᠮᠵᠢ ᠳᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ᠂ ᠠᠰᠠᠷ ᠤᠨ ᠱᠠᠲᠤᠨ ᠤ ᠬᠤᠭᠤᠷᠣᠨᠳᠣ ᠡᠯᠳᠡᠪ ᠶᠠᠭᠤᠮ᠎ᠠ ᠣᠪᠣᠭᠠᠯᠠᠵᠤ ᠲᠠᠯᠪᠢᠭᠰᠠᠨ ᠵᠡᠷᠭᠡ ᠪᠠᠶᠢᠳᠠᠯ ᠢ ᠲᠤᠬᠠᠶ ᠶᠢᠨ ᠲᠠᠯᠠᠪᠤᠷ ᠲᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃    ᠲᠣᠰ ᠤᠳᠠᠭᠠᠨ ᠤ ᠲᠤᠰᠬᠠᠶ ᠠᠵᠢᠯᠯᠠᠭ᠎ᠠ ᠪᠠᠷ ᠳᠠᠮᠵᠢᠭᠤᠯᠤᠨ᠂ ᠪᠠᠶᠢᠴᠠᠭᠠᠬᠤ ᠠᠵᠢᠯᠲᠠᠳ ᠰᠠᠭᠤᠭᠠᠯᠢ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠦᠨᠳᠦᠰᠦᠨ ᠪᠠᠶᠢᠳᠠᠯ᠂ ᠭᠠᠯ ᠤᠨᠲᠠᠷᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠮᠤᠰᠬᠢᠭᠤᠷ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠶᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ ᠵᠢᠴᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠵᠡᠷᠭᠡ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠳᠤᠤᠭᠠᠷᠭᠠᠵᠤ᠂ ᠰᠡᠷᠡᠮᠵᠢᠯᠡᠭᠦᠯᠬᠦ ᠦᠢᠯᠡᠳᠦᠯ ᠦᠵᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠡᠷᠴᠢᠮ ᠢ ᠴᠢᠩᠭᠠᠷᠠᠭᠤᠯᠤᠨ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号