| ᠡᠨᠡ ᠵᠢᠯ ᠠᠴᠠ ᠨᠠᠰᠢ᠂ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠷᠸ᠎ᠠ ᠠᠵᠤ ᠠᠬᠤᠶ ᠶᠢᠨ ᠣᠷᠴᠢᠨ ᠲᠣᠭᠤᠷᠢᠨ ᠪᠠ ᠠᠵᠤ ᠦᠢᠯᠡᠳᠪᠦᠷᠢ ᠶᠢᠨ ᠠᠵᠤ ᠠᠬᠤᠶ ᠶᠢᠨ | ᠠᠵᠢᠯᠯᠠᠭᠠᠨ ᠤ ᠳᠤᠮᠳᠠ ᠢᠯᠡᠷᠡᠭᠰᠡᠨ ᠰᠢᠨ᠎ᠡ ᠬᠤᠪᠢᠷᠠᠯᠲᠠ᠂ ᠰᠢᠨ᠎ᠡ ᠠᠰᠠᠭᠤᠳᠠᠯ ᠤᠨ ᠡᠮᠦᠨ᠎ᠡ᠂ ᠮᠠᠨ ᠤ ᠬᠤᠲᠠ | ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠳᠤ ᠥᠨᠳᠥᠷ ᠡᠬᠢᠯᠡᠯᠲᠡ ᠲᠠᠢ ᠪᠣᠯᠵᠤ᠂ ᠠᠯᠬᠤᠮ | ᠠᠯᠬᠤᠮ ᠢᠶᠠᠷ ᠰᠠᠶᠢᠵᠢᠷᠠᠬᠤ ᠬᠠᠨᠳᠤᠰᠢ ᠲᠠᠢ ᠪᠣᠯᠵᠤ᠂ ᠪᠥᠬᠦ ᠵᠢᠯ ᠳᠤ ᠠᠵᠤ ᠦᠢᠯᠡᠳᠪᠦᠷᠢ ᠶᠢᠨ ᠠᠵᠤ ᠠᠬᠤᠶ ᠶᠢᠨ | ᠠᠵᠢᠯᠯᠠᠭᠠᠨ ᠳᠣᠤᠷᠠᠬᠢ ᠮᠡᠲᠦ ᠣᠨᠴᠠᠯᠢᠭ ᠲᠠᠢ ᠪᠣᠯᠪᠠ᠄ | ᠨᠢᠭᠡ᠂ ᠶᠡᠷᠦᠩᠬᠡᠢ ᠠᠵᠢᠯᠯᠠᠭᠠᠨ ᠤ ᠪᠠᠶᠢᠳᠠᠯ ᠲᠣᠭᠲᠠᠭᠤᠨ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠪᠥᠬᠦ ᠵᠢᠯ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ ᠨᠢᠳᠤᠨᠤᠨ ᠤ ᠬᠢ ᠲᠠᠢ | ᠲᠡᠩᠴᠡᠵᠦ᠂ ᠪᠥᠬᠦ ᠠᠶᠢᠮᠠᠭ ᠤᠨ ᠶᠢᠰᠦᠳᠦᠭᠡᠷ ᠲᠤ ᠪᠠᠶᠢᠷᠢᠯᠠᠨ᠂ 1 - 11 ᠰᠠᠷ᠎ᠠ ᠳᠤ ᠡᠮᠦᠨ᠎ᠡ ᠡᠩᠨᠡᠭᠡᠨ ᠳᠤ | ᠣᠷᠣᠭᠰᠠᠨ ᠪᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 2.4% ᠪᠠᠷ ᠪᠠᠭᠤᠷᠠᠵᠤ᠂ ᠪᠥᠬᠦ ᠠᠶᠢᠮᠠᠭ ᠤᠨ 12 ᠳ᠋ᠤᠭᠠᠷ ᠲᠤ ᠪᠠᠶᠢᠷᠢᠯᠠᠨ᠂ ᠠᠵᠤ | ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 66. | 0% ᠪᠠᠷ ᠨᠡᠮᠡᠭᠳᠡᠪᠡ᠃ | ᠬᠤᠶᠠᠷ᠂ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ | ᠬᠦᠨᠳᠦ ᠠᠵᠤ ᠦᠢᠯᠡᠳᠪᠦᠷᠢ ᠠᠴᠠ ᠥᠨᠳᠥᠷ ᠪᠣᠯᠪᠠ᠃ ᠬᠦᠩᠭᠡᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 5.05% ᠪᠠᠷ ᠨᠡᠮᠡᠭᠳᠡᠵᠦ᠂ ᠬᠦᠨᠳᠦ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 1.03% ᠪᠠᠷ | ᠪᠠᠭᠤᠷᠠᠪᠠ᠃ | ᠭᠤᠷᠪᠠ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠭᠤᠷᠠᠯᠲᠠ ᠶᠢᠨ ᠬᠡᠮᠵᠢᠶ᠎ᠡ ᠪᠠᠭᠠᠰᠪᠠ᠃ ᠲᠡᠮᠦᠷ ᠤᠨ | ᠠᠭᠤᠷᠬᠠᠶ ᠶᠢᠨ ᠮᠠᠯᠲᠠᠯᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 6.93% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 - 11 ᠳ᠋ᠣᠬᠡᠷ ᠰᠠᠷ᠎ᠠ ᠶᠢᠨ | 20.78 ᠵᠠᠭᠤᠨ ᠤ ᠨᠢᠭᠡᠴᠢ ᠪᠠᠭᠠᠰᠴᠤ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠶᠡᠷᠦᠩᠬᠡᠶ ᠥᠷᠲᠡᠭ ᠤᠨ 57.26% ᠶᠢ ᠡᠵᠡᠯᠡᠪᠡ᠃ | ᠳᠥᠷᠪᠡ᠂ ᠰᠢᠨ᠎ᠡ ᠪᠠᠷ ᠪᠠᠶᠢᠭᠤᠯᠤᠭᠰᠠᠨ 2 ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠢ ᠢᠯᠡᠳᠲᠡ | ᠳᠠᠶᠢᠴᠢᠯᠠᠪᠠ᠃ ᠰᠢᠨ᠎ᠡ ᠪᠠᠷ ᠨᠡᠮᠡᠭᠳᠡᠭᠰᠡᠨ 1 ᠨᠣᠣᠯᠤᠷ ᠤᠨ ᠠᠵᠤ ᠠᠬᠤᠶᠢᠯᠠᠯ ᠪᠠ 1 ᠪᠥᠮᠪᠥᠭᠡᠯᠢᠭ ᠡᠳ᠋ᠰᠢᠭᠦᠯᠬᠦ | ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ᠴᠡᠪᠡᠷ ᠨᠡᠮᠡᠭᠳᠡᠯ ᠢ | ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ | ᠨᠡᠮᠡᠭᠳᠡᠯ ᠢ 6.55 ᠵᠠᠭᠤᠨ ᠤ ᠨᠢᠭᠡᠴᠢ ᠳᠠᠶᠢᠴᠢᠯᠠᠪᠠ᠃ | ᠲᠠᠪᠤ᠂ ᠤᠯᠠᠮᠵᠢᠯᠠᠯᠲᠤ ᠠᠵᠤ ᠦᠢᠯᠡᠰ ᠭᠤᠷᠪᠠ ᠶᠢ ᠨᠡᠮᠡᠭᠳᠡᠭᠦᠯᠵᠦ ᠬᠤᠶᠠᠷ ᠢ ᠪᠠᠭᠤᠷᠠᠭᠤᠯᠪᠠ᠃ ᠨᠣᠯᠤᠤᠷ | ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 391.88% ᠪᠠᠷ ᠨᠡᠮᠡᠭᠳᠡᠵᠦ᠂ ᠱᠦᠢᠨᠢ ᠶᠢᠨ ᠦᠢᠯᠡᠳᠪᠦᠷᠢᠯᠡᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 130.41% ᠪᠠᠷ | ᠨᠡᠮᠡᠭᠳᠡᠵᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠵᠢᠴᠢ ᠬᠠᠩᠭᠠᠯᠭ᠎ᠠ ᠶᠢᠨ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 6.28% ᠪᠠᠷ ᠨᠡᠮᠡᠭᠳᠡᠵᠦ᠂ 4 ᠰᠠᠯᠬᠢᠨ | ᠭᠡᠷᠡᠯ ᠤᠨ ᠴᠠᠬᠢᠯᠭᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 12.03% ᠪᠠᠷ ᠪᠠᠭᠤᠷᠠᠵᠤ᠂ ᠠᠮᠤ ᠲᠣᠰᠣ ᠪᠣᠯᠪᠠᠰᠤᠷᠠᠭᠤᠯᠬᠤ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 45.35% ᠪᠠᠷ | ᠪᠠᠭᠤᠷᠠᠪᠠ᠃ | ᠵᠢᠷᠭᠤᠭ᠎ᠠ᠂ ᠭᠤᠣᠯ ᠪᠣᠯᠬᠤ ᠦᠢᠯᠡᠳᠬᠦᠨ ᠤ ᠭᠠᠷᠤᠯᠲᠠ ᠪᠠᠨ ᠵᠢᠷᠭᠤᠭ᠎ᠠ ᠨᠡᠮᠡᠭᠳᠡᠭᠦᠯᠦᠭᠡᠳ ᠭᠤᠷᠪᠠ ᠤᠳᠠᠭ᠎ᠠ | ᠪᠠᠭᠤᠷᠠᠵᠠᠢ᠃ ᠬᠤᠷᠢᠶᠠᠵᠤ ᠪᠦᠷᠢᠳᠭᠡᠭᠰᠡᠨ 9 ᠵᠦᠢᠯ ᠤᠨ ᠦᠢᠯᠡᠳᠬᠦᠨ ᠤ ᠭᠠᠷᠤᠯᠳᠠ ᠠᠴᠠ ᠦᠵᠡᠪᠡᠯ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ᠂ ᠲᠡᠮᠦᠷ ᠤᠨ ᠨᠠᠷᠢᠨ ᠨᠤᠨᠲᠠᠭ᠂ ᠱᠦᠢᠨᠢ᠂ ᠨᠣᠣᠰᠣ ᠦᠭᠡᠢ ᠨᠣᠯᠤᠤᠷ᠂ | ᠨᠠᠷᠢᠯᠢᠭ ᠢᠳᠡᠭᠡᠨ ᠳᠤ ᠬᠡᠷᠡᠭᠯᠡᠬᠦ ᠤᠷᠭᠤᠮᠠᠯ ᠤᠨ ᠲᠣᠰᠣ ᠠᠳᠠᠯᠢ ᠬᠤᠭᠤᠴᠠᠭᠠᠨ ᠤ ᠬᠢ ᠠᠴᠠ ᠲᠣᠰ ᠲᠣᠰ 1. | 78%᠂ 19.46%᠂ 165.39%᠂ 387.77%᠂ 339.79% ᠪᠠᠶᠢᠵᠤ᠂ ᠪᠥᠮᠪᠥᠭᠡᠨ | ᠪᠦᠯᠦᠭᠯᠡᠯ ᠤᠨ ᠭᠠᠷᠤᠯᠲᠠ 15.24 ᠲᠦᠮᠡᠨ ᠲᠣᠨ ᠳᠤ ᠬᠦᠷᠴᠦ᠂ ᠴᠡᠪᠡᠷ ᠨᠡᠮᠡᠭᠳᠡᠯ ᠤᠨ ᠬᠡᠮᠵᠢᠶ᠎ᠡ ᠶᠢ ᠪᠡᠶᠡᠯᠡᠭᠦᠯᠪᠡ | ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ᠂ ᠢᠯᠴᠢ ᠬᠠᠩᠭᠠᠬᠤ ᠬᠡᠮᠵᠢᠶ᠎ᠡ᠂ ᠪᠣᠷᠳᠤᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 8.87%᠂ 1.51%᠂ 30.34% ᠪᠠᠭᠤᠷᠠᠪᠠ᠃ | 2024 ᠣᠨ ᠳᠤ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠶᠢ | ᠦᠷᠭᠦᠯᠵᠢᠯᠡᠨ ᠴᠢᠩᠭᠠᠳᠬᠠᠬᠤ ᠶᠢᠨ ᠬᠠᠮᠲᠤ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠢᠨᠠᠨ ᠬᠡᠮᠵᠢᠵᠦ | ᠵᠠᠳᠠᠯᠬᠤ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠠᠵᠢᠯᠯᠠᠭᠠᠨ ᠤ ᠳᠤᠮᠳᠠᠬᠢ ᠲᠠᠰᠤᠯᠳᠠᠯ | ᠴᠡᠭ ᠢ ᠡᠮᠬᠢᠯᠡᠵᠦ᠂ ᠲᠦᠷᠦ ᠶᠢᠨ ᠪᠤᠳᠤᠯᠭ᠎ᠠ ᠶᠢᠨ ᠣᠨᠣᠴᠠᠲᠠᠢ ᠳᠡᠮᠵᠢᠯᠭᠡ ᠶᠢ ᠴᠢᠩᠭᠠᠳᠬᠠᠵᠤ᠂ ᠠᠵᠤ ᠠᠬᠤᠶᠢᠯᠠᠯ ᠢ | ᠦᠨᠡᠨ ᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠢᠳᠡᠪᠬᠢᠵᠢᠯ ᠢ ᠳᠡᠭᠡᠭᠰᠢᠯᠡᠭᠦᠯᠵᠦ᠂ ᠲᠡᠭᠦᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠷᠲᠡᠬᠡᠨ | ᠬᠤᠷᠢᠶᠠᠩᠭᠤᠶᠢᠯᠠᠵᠤ ᠠᠪᠬᠤ ᠬᠡᠷᠡᠭᠲᠡᠢ᠃ |