| 11 ᠰᠠᠷ᠎ᠠ ᠳᠤ᠂ ᠮᠠᠨ ᠤ ᠬᠤᠲᠠ ᠰᠢᠨ᠎ᠡ ᠪᠠᠷ 2 ᠠᠵᠤ ᠠᠬᠤᠶᠢᠯᠠᠯ ᠢ ᠬᠥᠮᠥᠷᠭᠡ ᠳᠤ ᠣᠷᠣᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠬᠠᠨᠳᠤᠰᠢ ᠰᠠᠶᠢᠵᠢᠷᠠᠵᠤ᠂ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ᠬᠠᠷᠢᠴᠠᠯ 55.1% ᠪᠠᠷ ᠨᠡᠮᠡᠭᠳᠡᠪᠡ᠃ 1 - 11 | ᠰᠠᠷ᠎ᠠ ᠳᠤ᠂ 15 ᠡᠷᠦᠬᠡ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ | ᠥᠷᠲᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 17.1% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ | ᠲᠣᠰ 1 - 10 ᠳ᠋ᠤᠭᠠᠷ ᠰᠠᠷ᠎ᠠ ᠶᠢᠨ ᠬᠢ ᠠᠴᠠ 11.7 ᠪᠠ 8.0 ᠵᠠᠭᠤᠨ ᠤ ᠬᠤᠪᠢ ᠪᠠᠭᠠᠰᠴᠤ᠂ ᠭᠤᠤᠯ | ᠠᠵᠢᠯᠯᠠᠭᠠᠨ ᠤ ᠣᠨᠴᠠᠯᠢᠭ ᠨᠢ ᠳᠣᠤᠷᠠᠬᠢ ᠮᠡᠲᠦ᠄ | ᠨᠢᠭᠡ᠂ ᠴᠠᠬᠢᠯᠭᠠᠨ ᠬᠦᠴᠦᠨ ᠤ ᠦᠢᠯᠡᠳᠪᠦᠷᠢᠯᠡᠯ ᠪᠠᠭ᠎ᠠ ᠬᠡᠮᠵᠢᠶ᠎ᠡ ᠪᠠᠷ ᠪᠠᠭᠤᠷᠠᠪᠠ᠃ ᠰᠠᠯᠬᠢ ᠭᠡᠷᠡᠯ | ᠴᠠᠬᠢᠯᠭᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 9. | 67% ᠪᠠᠷ ᠪᠠᠭᠤᠷᠠᠪᠠ᠂ ᠡᠬᠦᠨ ᠳᠤ᠄ ᠰᠠᠯᠬᠢᠨ ᠬᠦᠴᠦᠨ ᠤ ᠴᠠᠬᠢᠯᠭᠠᠨ ᠭᠠᠷᠭᠠᠬᠤ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 7.26% ᠪᠠᠷ ᠪᠠᠭᠤᠷᠠᠵᠤ᠂ ᠰᠠᠯᠬᠢᠨ | ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 41244.16 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.52% ᠢᠶᠠᠷ ᠨᠡᠮᠡᠭᠳᠡᠵᠡᠢ᠃ | ᠬᠤᠶᠠᠷ᠂ ᠢᠯᠴᠢ ᠶᠢᠨ ᠬᠦᠴᠦᠨ ᠤ ᠦᠢᠯᠡᠳᠪᠦᠷᠢᠯᠡᠯ ᠵᠢᠴᠢ ᠬᠠᠩᠭᠠᠯᠭ᠎ᠠ ᠶᠢᠨ ᠠᠵᠢᠯᠯᠠᠭᠠᠨ ᠲᠣᠭᠲᠠᠭᠤᠨ | ᠪᠠᠶᠢᠨ᠎ᠠ᠃ ᠢᠯᠴᠢ ᠶᠢᠨ ᠬᠦᠴᠦᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 5.89% ᠨᠡᠮᠡᠭᠳᠡᠵᠦ᠂ ᠢᠯᠴᠢ ᠬᠠᠩᠭᠠᠬᠤ ᠬᠡᠮᠵᠢᠶ᠎ᠡ 193.34 ᠲᠦᠮᠡᠨ ᠵᠢᠶ ᠵᠢᠶᠤᠤ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.32% ᠪᠠᠭᠤᠷᠠᠪᠠ᠃ | ᠭᠤᠷᠪᠠ᠂ ᠱᠦᠢᠨᠢ ᠶᠢᠨ ᠦᠢᠯᠡᠳᠪᠦᠷᠢᠯᠡᠯ ᠶᠡᠭᠡ ᠪᠠᠷ ᠨᠡᠮᠡᠭᠳᠡᠪᠡ᠃ ᠱᠦᠢᠨᠢ ᠶᠢᠨ ᠦᠢᠯᠡᠳᠪᠦᠷᠢᠯᠡᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 99.52% ᠢᠶᠠᠷ | ᠨᠡᠮᠡᠭᠳᠡᠵᠦ᠂ ᠱᠦᠢᠨᠢ ᠶᠢᠨ ᠦᠢᠯᠡᠳᠪᠦᠷᠢᠯᠡᠯ 27.7 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 130.45% ᠪᠠᠷ ᠨᠡᠮᠡᠭᠳᠡᠪᠡ᠃ | ᠳᠥᠷᠪᠡ᠂ ᠲᠡᠮᠦᠷ ᠤᠨ ᠠᠭᠤᠷᠬᠠᠢ ᠶᠢᠨ ᠬᠦᠳᠡᠷ ᠰᠢᠯᠢᠬᠦ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ ᠪᠠᠶᠢᠨ᠎ᠠ᠃ | ᠲᠡᠮᠦᠷ ᠤᠨ ᠬᠦᠳᠡᠷ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 27.71% ᠪᠠᠷ ᠪᠠᠭᠤᠷᠠᠪᠠ᠂ ᠡᠬᠦᠨ ᠳᠤ᠄ ᠲᠡᠮᠦᠷ ᠤᠨ ᠨᠠᠷᠢᠯᠢᠭ ᠨᠣᠳᠠᠭ ᠢ 120. | 98 ᠲᠦᠮᠡᠨ ᠲᠤᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 10.89% ᠪᠠᠷ ᠨᠡᠮᠡᠭᠳᠡᠪᠡ︔ | ᠪᠥᠮᠪᠥᠭᠡᠯᠢᠭ ᠦᠢᠯᠡᠳᠪᠦᠷᠢᠯᠡᠭᠰᠡᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 5.79 ᠲᠦᠮᠡᠨ | ᠲᠤᠨ ᠳᠤ ᠬᠦᠷᠴᠦ᠂ ᠴᠡᠪᠡᠷ ᠨᠡᠮᠡᠭᠳᠡᠯ ᠢ ᠪᠡᠶᠡᠯᠡᠭᠦᠯᠪᠡ᠃ ᠭᠤᠣᠯᠳᠠᠭᠤ 1-11 ᠲᠡᠮᠦᠷ ᠤᠨ ᠨᠠᠷᠢᠯᠢᠭ ᠨᠤᠨᠲᠠᠭ | ᠣᠷᠣᠯᠠᠨ ᠪᠣᠯᠪᠠᠰᠤᠷᠠᠭᠤᠯᠬᠤ ᠬᠡᠮᠵᠢᠶ᠎ᠡ ᠨᠡᠯᠢᠶᠡᠳ ᠶᠡᠭᠡ᠂ ᠲᠡᠮᠦᠷ ᠤᠨ ᠨᠠᠷᠢᠯᠢᠭ ᠨᠤᠨᠲᠠᠭ ᠭᠠᠷᠤᠯᠲᠠ ᠶᠢᠨ 56. | 10% ᠶᠢ ᠡᠵᠡᠯᠡᠵᠦ᠂ ᠦᠢᠯᠡᠳᠬᠦᠨ ᠤ ᠥᠷᠲᠡᠭ ᠨᠢ ᠥᠨᠳᠥᠷ ᠪᠢᠰᠢ ᠪᠠᠶᠢᠪᠠ᠃ | ᠲᠠᠪᠤ᠂ ᠨᠣᠤᠰᠣ ᠨᠣᠯᠤᠤᠷ ᠡᠳ᠋ᠰᠢᠭᠦᠯᠬᠦ ᠠᠵᠢᠯ ᠦᠷᠭᠦᠯᠵᠢᠯᠡᠨ ᠲᠦᠷᠭᠡᠨ ᠨᠡᠮᠡᠭᠳᠡᠪᠡ᠃ ᠨᠣᠣᠰᠣ ᠨᠣᠣᠯᠣᠭᠤᠷ | ᠡᠳ᠋ᠰᠢᠭᠦᠯᠬᠦ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ | 432.39% ᠪᠠᠷ ᠨᠡᠮᠡᠭᠳᠡᠵᠦ᠂ ᠨᠣᠣᠰᠣ ᠦᠭᠡᠢ ᠨᠣᠣᠯᠣᠭᠤᠷ ᠢ 226.29 ᠲᠣᠨ ᠪᠣᠯᠪᠠᠰᠤᠷᠠᠭᠤᠯᠵᠤ᠂ ᠠᠳᠠᠯᠢ | ᠬᠤᠭᠤᠴᠠᠭᠠᠨ ᠤ ᠬᠢ ᠠᠴᠠ 434.96% ᠪᠠᠷ ᠨᠡᠮᠡᠭᠳᠡᠪᠡ᠃ | ᠵᠢᠷᠭᠤᠭ᠎ᠠ᠂ ᠠᠮᠤ ᠲᠣᠰᠣ ᠪᠣᠯᠪᠠᠰᠤᠷᠠᠭᠤᠯᠬᠤ ᠠᠵᠢᠯ ᠬᠦᠨᠳᠦ ᠨᠣᠴᠢᠲᠠᠶ ᠪᠠᠭᠤᠷᠠᠪᠠ᠃ ᠠᠮᠤ ᠲᠣᠰᠣ | ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 42.42% ᠪᠠᠭᠤᠷᠠᠵᠤ᠂ ᠡᠭᠦᠨ ᠳᠤ᠄ ᠨᠠᠷᠢᠯᠢᠭ ᠪᠣᠯᠪᠠᠰᠤᠷᠠᠭᠤᠯᠤᠭᠰᠠᠨ ᠢᠳᠡᠭᠡᠨ ᠤ | ᠤᠷᠭᠤᠮᠠᠯ ᠤᠨ ᠲᠣᠰᠣ 4199.8 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 991.42% ᠨᠡᠮᠡᠭᠳᠡᠵᠡᠶ | ︔ 3569 ᠲᠣᠨ ᠨᠣᠣᠰᠣ ᠲᠣᠰᠣ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 68.53% | ᠪᠠᠭᠤᠷᠠᠪᠠ︔ ᠡᠳ᠋ᠰᠢᠭᠦᠯᠦᠭᠰᠡᠨ ᠲᠡᠵᠢᠭᠡᠯ ᠪᠣᠷᠳᠤᠭ᠎ᠠ 14657.23 ᠲᠣᠨ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 24.37% ᠪᠠᠷ ᠪᠠᠭᠤᠷᠠᠪᠠ᠃ | ᠳᠠᠷᠠᠭᠠᠴᠢ ᠶᠢᠨ ᠠᠯᠬᠤᠮ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ | ᠲᠤᠬᠠᠢ ᠳᠤᠨᠢ ᠰᠣᠨᠣᠰᠴᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠬᠦᠴᠢᠷᠳᠡᠯ ᠢ ᠰᠢᠢᠳᠪᠦᠷᠢᠯᠡᠬᠦ ᠳᠤ | ᠬᠦᠴᠦᠨ ᠨᠡᠮᠡᠷᠢᠯᠡᠬᠦ ᠲᠠᠯ᠎ᠠ ᠪᠠᠷ ᠴᠢᠩᠭ᠎ᠠ ᠠᠵᠢᠯᠯᠠᠵᠤ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠲᠦᠭᠦᠬᠡᠢ ᠮᠠᠲ᠋ᠧᠷᠢᠶᠠᠯ | ᠳᠤᠲᠠᠭᠳᠠᠬᠤ᠂ ᠪᠣᠷᠣᠯᠠᠭᠤᠯᠭ᠎ᠠ ᠰᠢᠯᠤᠭᠤᠨ ᠪᠤᠰᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ | ᠬᠡᠪ ᠤᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠳᠠᠭᠠᠭᠠᠴᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |