ᠡᠷᠢᠶᠡᠨ ᠬᠤᠲᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯᠲᠠᠨ ᠤ ᠪᠣᠯᠪᠠᠰᠤᠨ ᠢᠶᠠᠷ ᠡᠵᠡᠩᠨᠡᠬᠦ ᠵᠢᠴᠢ ᠦᠷᠭᠦᠯᠵᠢᠯᠡᠨ ᠬᠥᠮᠦᠵᠢᠯ ᠪᠣᠯᠪᠠᠰᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/3/6
            ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠷᠢᠶᠡᠨ ᠳᠠᠬᠢ ᠠᠵᠢᠯ ᠡᠷᠭᠢᠯᠡᠭᠰᠡᠳ ᠤᠨ ᠪᠣᠯᠪᠠᠰᠤᠨ ᠤᠬᠠᠮᠰᠠᠷ᠂ ᠠᠮᠤᠷ ᠲᠦᠪᠰᠢᠨ ᠤ ᠤᠬᠠᠮᠰᠠᠷ᠂ ᠦᠢᠯᠡᠴᠢᠯᠡᠭᠡᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠳᠣᠯᠠᠳᠠ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠵᠡᠷᠭᠡ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ 3 ᠰᠠᠷ᠎ᠠ ᠶᠢᠨ 5 ᠤ ᠡᠳᠦᠷ᠂ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠪᠣᠯᠪᠠᠰᠤᠨ ᠡᠵᠡᠩᠨᠡᠯᠲᠡ ᠵᠢᠴᠢ ᠦᠷᠭᠦᠯᠵᠢᠯᠡᠨ ᠬᠥᠮᠦᠵᠢᠯ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃
                  ᠪᠣᠯᠪᠠᠰᠤᠷᠠᠯ ᠤᠨ ᠲᠤᠬᠠᠢ ᠶᠢᠨ ᠲᠠᠯᠠᠪᠠᠢ    ᠬᠤᠷᠠᠯ ᠠᠴᠠ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠪᠣᠯ ᠬᠤᠲᠠ ᠶᠢᠨ ᠪᠣᠯᠪᠠᠰᠤᠨ ᠤ ᠡᠮᠦᠨ᠎ᠡ ᠵᠠᠬ᠎ᠠ ᠶᠢᠨ ᠴᠣᠩᠬᠤ ᠮᠥᠨ᠂ ᠡᠵᠡᠩᠨᠡᠯᠲᠡ ᠶᠢᠨ ᠠᠵᠢᠯ ᠡᠷᠭᠢᠯᠡᠭᠰᠡᠳ ᠤᠨ ᠪᠣᠯᠪᠠᠰᠤᠷᠠᠭᠤᠯᠤᠯ ᠢ ᠴᠢᠩᠭᠠᠳᠬᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠠᠵᠢᠯ ᠡᠷᠭᠢᠯᠡᠭᠰᠡᠳ ᠤᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ᠂ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠬᠦᠭᠰᠡᠨ ᠪᠠᠶᠢᠨ᠎ᠠ᠃    ᠠᠩᠭᠢ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠣᠶᠢᠷ᠎ᠠ ᠶᠢᠨ ᠬᠤᠭᠤᠴᠠᠭᠠᠨ ᠤ ᠲᠦᠷᠢᠶᠡᠰᠦᠨ ᠮᠠᠰᠢᠨ ᠲᠡᠷᠭᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠢᠱᠢᠶ᠎ᠡ ᠶᠢ ᠵᠠᠷᠯᠠᠨ ᠮᠡᠳᠡᠭᠳᠡᠪᠡ︔ ᠯᠧᠺᠲ᠋ᠣᠷ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠬᠤ᠂ ᠪᠣᠯᠪᠠᠰᠤᠨ ᠢᠶᠠᠷ ᠵᠢᠯᠣᠭᠤᠳᠬᠤ ᠵᠡᠷᠭᠡ ᠲᠠᠯ᠎ᠠ ᠪᠠᠷ ᠵᠢᠯᠣᠭᠤᠴᠢ ᠶᠢᠨ ᠵᠠᠮ ᠲᠡᠭᠡᠭᠡᠪᠦᠷᠢ ᠶᠢᠨ ᠠᠵᠢᠯ ᠡᠷᠭᠢᠯᠡᠬᠦ ᠬᠢᠷᠢ ᠬᠡᠮ ᠤᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ︔ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢ ᠲᠤᠬᠠᠶ ᠶᠢᠨ ᠲᠠᠯᠠᠪᠤᠷ ᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠪᠡ᠃    ᠣᠶᠢᠯᠠᠭᠠᠭᠰᠠᠨ ᠢᠶᠠᠷ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠣᠰ ᠡᠳᠦᠷ ᠠᠴᠠ ᠡᠬᠢᠯᠡᠨ ᠨᠢᠭᠡ ᠰᠠᠷ᠎ᠠ ᠶᠢᠨ ᠬᠤᠭᠤᠴᠠᠭ᠎ᠠ ᠲᠠᠢ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠦᠷᠢᠶᠡᠰᠦᠨ ᠮᠠᠰᠢᠨ ᠲᠡᠷᠭᠡᠨ ᠤ ᠦᠨ᠎ᠡ ᠪᠤᠳᠤᠬᠤ ᠮᠠᠰᠢᠨ ᠬᠡᠷᠡᠭᠯᠡᠬᠦ ᠥᠬᠡᠶ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠪᠣᠯᠪᠠᠰᠤᠨ ᠪᠤᠰᠤ ᠵᠢᠷᠤᠮᠵᠢᠭᠰᠠᠨ ᠥᠬᠡᠶ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号