2 ᠰᠠᠷ᠎ᠠ ᠶᠢᠨ 22 ᠤᠨ ᠡᠳᠦᠷ᠂ ᠮᠠᠨ ᠤ ᠬᠤᠲᠠ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠬᠦᠷᠢᠶᠡᠨ ᠤ ᠠᠵᠢᠯ ᠤᠨ ᠠᠬᠢᠴᠠ ᠶᠢᠨ | ᠪᠠᠶᠢᠳᠠᠯ ᠢ ᠰᠣᠨᠣᠰᠴᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷᠭᠦᠯᠵᠢᠯᠡᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠾᠧᠦ ᠶᠠᠨ ᠮᠢᠨ ᠬᠤᠷᠠᠯ ᠢ ᠡᠷᠭᠢᠯᠡᠭᠰᠡᠨ ᠪᠥᠭᠡᠳ ᠬᠤᠷᠠᠯ ᠡᠷᠭᠢᠯᠡᠵᠦ᠂ ᠭᠡᠷᠡᠯᠳᠦᠠᠣᠳᠦ ᠰᠣᠮᠣ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠬᠢᠪᠠ᠃ | ᠬᠤᠷᠠᠯ ᠠᠴᠠ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠮᠥᠨ᠂ | ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ | ᠮᠥᠨ᠂ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤ ᠶᠢ ᠦᠷᠭᠦᠯᠵᠢᠯᠡᠭᠦᠯᠬᠦ | ︾ ᠴᠢᠬᠤᠯᠠ ᠱᠠᠭᠠᠷᠳᠠᠯᠭ᠎ᠠ ᠲᠠᠢ ᠪᠠᠷᠢᠮᠵᠢᠶᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ᠂ ᠤᠯᠠᠮ ᠨᠢᠭᠡ ᠠᠯᠬᠤᠮ ᠳ᠋ᠦᠩᠨᠡᠯᠲᠡ ᠬᠢᠵᠦ᠂ ᠥᠪᠡᠷᠮᠢᠴᠡ ᠣᠨᠴᠠᠯᠢᠭ ᠲᠠᠢ ᠬᠢᠯᠠᠰ | ᠴᠡᠭ ᠢ ᠠᠭᠤᠳᠠᠯᠵᠤ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠢᠷᠭᠤᠭᠠᠨ | ᠵᠦᠢᠯ ᠤᠨ ᠠᠴᠢᠶᠠᠯᠠᠪᠤᠷᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠥᠷᠪᠡᠨ ᠰᠤᠷᠭᠠᠨ ᠬᠥᠮᠦᠵᠢᠯ ᠢ | ᠠᠭᠤᠰᠤᠯᠴᠠᠭᠤᠯᠬᠤ ᠠᠷᠭ᠎ᠠ ᠶᠢ ᠪᠠᠶᠠᠯᠢᠭᠵᠢᠭᠤᠯᠤᠨ ᠰᠢᠨᠡᠴᠢᠯᠡᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠬᠥᠷᠰᠢ ᠵᠡᠷᠭᠡᠯᠡᠳᠡᠭᠡ ᠵᠢᠵᠢᠭ ᠬᠦᠷᠢᠶᠡᠯᠡᠩ ᠵᠡᠷᠭᠡ | ᠲᠠᠪᠴᠠᠩ ᠳᠤ ᠲᠦᠰᠢᠭᠯᠡᠨ᠂ ᠥᠷᠭᠡᠨ ᠣᠯᠠᠨ ᠲᠦᠮᠡᠨ ᠳᠤ ᠡᠷᠢᠶᠡᠨ ᠬᠤᠲᠠ ᠶᠢᠨ ᠬᠥᠭᠵᠢᠯᠲᠡ ᠶᠢᠨ ᠲᠠᠩᠰᠠ᠂ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠣᠳᠣᠷᠬᠠᠶ ᠶᠠᠷᠢᠵᠤ᠂ ᠨᠠᠮ ᠤᠨ ᠲᠠᠭᠤᠨ ᠢ ᠡᠭᠡᠯ ᠠᠷᠠᠳ ᠤᠨ ᠭᠡᠷ ᠲᠤ | ᠬᠦᠷᠭᠡᠵᠦ᠂ ᠲᠠᠯ᠎ᠠ ᠨᠤᠲᠤᠭ ᠤᠨ ᠬᠠᠮᠤᠭ ᠤᠨ ᠭᠦᠨ ᠲᠠᠯ᠎ᠠ ᠳᠤ ᠤᠯᠠᠮᠵᠢᠯᠠᠬᠤ ᠬᠡᠷᠡᠭᠲᠡᠶ᠃ ᠠᠰᠠᠭᠤᠳᠠᠯ ᠤᠨ | ᠤᠳᠤᠷᠢᠳᠤᠮᠵᠢ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠳᠤᠮᠳᠠᠬᠢ ᠳᠤᠲᠠᠭᠤᠳᠠᠯ | ᠪᠠ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠬᠠᠨᠳᠤᠯᠭᠠᠲᠤ | ᠴᠢᠨᠠᠷ ᠢᠶᠠᠷ ᠴᠢᠩᠭ᠎ᠠ ᠪᠢᠰᠢ᠂ ᠣᠯᠠᠨ ᠲᠦᠮᠡᠨ ᠢ ᠳᠠᠶᠢᠴᠢᠯᠠᠬᠤ ᠲᠠᠯ᠎ᠠ ᠪᠠᠷ ᠬᠦᠴᠦᠲᠡᠶ ᠪᠢᠰᠢ᠂ ᠰᠤᠷᠭᠠᠨ | ᠬᠥᠮᠦᠵᠢᠯ ᠤᠨ ᠪᠦᠷᠬᠦᠴᠡ ᠶᠢᠨ ᠲᠠᠯ᠎ᠠ ᠪᠠᠷ ᠳᠣᠤᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠬᠤ᠂ ︽ᠬᠤᠶᠠᠷ ᠢ ᠣᠷᠣᠭᠤᠯᠵᠤ ᠬᠤᠶᠠᠷ ᠢ ᠦᠢᠯᠡᠴᠢᠯᠡᠬᠦ︾ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠠᠵᠢᠯ ᠤᠨ | ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠴᠡᠭ ᠢ | ᠰᠠᠶᠢᠲᠤᠷ ᠡᠵᠡᠮᠳᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠵᠢᠯᠣᠭᠤᠳᠬᠤ | ᠡᠷᠴᠢᠮ ᠢᠶᠠᠨ ᠴᠢᠩᠭᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ | ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠦᠲᠦᠮᠵᠢᠲᠡᠶ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠨᠠᠮ ᠤᠨ ᠠᠴᠢ ᠶᠢ ᠮᠡᠳᠡᠵᠦ᠂ ᠨᠠᠮ ᠤᠨ ᠠᠴᠢ ᠶᠢ ᠰᠠᠶᠢᠨ ᠤᠩᠰᠢᠵᠤ᠂ ᠨᠠᠮ ᠤᠨ ᠦᠭᠡ ᠶᠢ ᠰᠣᠨᠣᠰᠴᠤ | ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ |