【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠦᠴᠦᠨ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/3/6
     ᠰᠢᠨ᠎ᠡ ᠨᠢᠭᠡ ᠵᠢᠯ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠨᠢᠩᠭᠦᠶ ᠬᠥᠭᠵᠢᠬᠦ ᠶᠢ ᠳᠠᠭᠠᠯᠳᠤᠨ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠲᠦᠷᠭᠡᠨ ᠨᠡᠮᠡᠭᠳᠡᠬᠦ ᠬᠠᠨᠳᠤᠰᠢ ᠶᠢ ᠪᠠᠲᠤᠯᠠᠪᠠ᠃ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ ᠬᠤᠶᠠᠷ ᠰᠠᠷ᠎ᠠ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠲᠡ 532 ᠴᠤᠪᠤᠭ᠎ᠠ ᠲᠡᠷᠭᠡ ᠠᠶᠠᠯᠠᠵᠤ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ᠃
   ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠨ ᠰᠠᠭᠤᠷᠢ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠲᠠᠯᠳᠠ ᠬᠦᠴᠦᠨ ᠢ ᠭᠦᠨ ᠠᠭᠤᠳᠠᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠩ ᠤᠯᠠᠨ ᠪᠠᠷᠠᠭᠠᠨ ᠤ ᠢᠷᠡᠯᠳᠡ ᠶᠢ ᠲᠠᠲᠠᠵᠤ ᠪᠠᠶᠢᠭᠠᠳ ᠪᠣᠭᠤᠮᠲᠠ ᠳᠤ ᠲᠥᠪᠯᠡᠷᠡᠭᠦᠯᠦᠨ ᠪᠣᠭᠤᠮᠲᠠ ᠪᠠᠷ ᠥᠩᠭᠡᠷᠡᠭᠦᠯᠬᠦ ᠬᠡᠷᠡᠭᠲᠡᠢ᠃ ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠭᠤᠮᠲᠠ ᠪᠠᠷ ᠥᠩᠭᠡᠷᠡᠬᠦ ᠳᠤ ᠪᠠᠶᠢᠴᠠᠭᠠᠨ ᠰᠢᠯᠭᠠᠬᠤ ᠵᠠᠭᠪᠤᠷ ᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠴᠠᠭᠠᠨ ᠰᠢᠯᠭᠠᠬᠤ ᠠᠷᠭ᠎ᠠ ᠪᠠᠷᠢᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ︽ᠳᠠᠷᠦ᠋ᠢᠬᠠᠨ ᠪᠠᠶᠢᠴᠠᠭᠠᠬᠤ︾᠂ ︽ᠳᠠᠷᠦ᠋ᠢᠬᠠᠨ ᠪᠠᠶᠢᠴᠠᠭᠠᠬᠤ︾ ᠶᠢ ᠪᠠᠲᠤᠯᠠᠵᠤ᠂ ᠪᠠᠶᠢᠴᠠᠭᠠᠨ ᠰᠢᠯᠭᠠᠬᠤ ᠴᠠᠭ ᠢ ᠳᠤᠮᠳᠠᠴᠢ ᠪᠠᠷ 20 ᠮᠢᠨᠦ᠋ᠲ ᠣᠷᠴᠢᠮ ᠪᠣᠯᠭᠠᠨ ᠪᠣᠭᠤᠨᠢᠰᠬᠠᠨ᠎ᠠ᠃
    ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠨ 365 ᠡᠳᠦᠷ ᠤᠨ 24 ᠴᠠᠭ ᠤᠨ ᠦᠢᠯᠡᠴᠢᠯᠡᠭᠡᠨ ᠤ ᠵᠠᠭᠪᠤᠷ ᠢ ᠠᠪᠴᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠢᠶᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ 10 ᠵᠢᠯ ᠤᠨ ᠲᠤᠷᠰᠢ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠨᠡᠪᠲᠡᠷᠡᠬᠦ ᠵᠠᠮ ᠱᠤᠭᠤᠮ ᠬᠠᠮᠤᠭ ᠤᠨ ᠠᠩᠬᠠᠨ ᠤ 2 ᠵᠤᠷᠪᠤᠰ ᠪᠠᠶᠢᠭᠰᠠᠨ ᠠᠴᠠ ᠪᠠᠨ 70 ᠵᠤᠷᠪᠤᠰ ᠪᠣᠯᠤᠨ ᠨᠡᠮᠡᠭᠳᠡᠵᠦ᠂ ᠨᠡᠶᠢᠲᠡ 1.4 ᠲᠦᠮᠡᠨ ᠴᠤᠪᠤᠭ᠎ᠠ ᠠᠶᠠᠯᠠᠪᠠ᠃
    ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ᠄ ︽ᠪᠢᠳᠡ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠨᠢᠭᠡᠴᠡ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠪᠠᠶᠢᠴᠠᠭᠠᠨ ᠰᠢᠯᠭᠠᠬᠤ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠳᠤᠮᠳᠠ ᠵᠠᠮ ᠤᠨ ᠱᠤᠭᠤᠮ ᠤᠨ ᠰᠠᠭᠠᠳ ᠥᠬᠡᠶ ᠨᠡᠪᠲᠡᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠳᠥᠭᠦᠮ ᠳᠥᠲᠡ ᠪᠣᠭᠤᠮᠲᠠ ᠪᠠᠷ ᠥᠩᠭᠡᠷᠡᠬᠦ ᠶᠢ ᠪᠠᠲᠤᠯᠠᠵᠤ᠂ ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号