ᠡᠷᠢᠶᠡᠨ ᠬᠤᠲᠠ ᠶᠢᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/6
   ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠭᠡᠷᠡᠯᠳᠦᠠᠣᠳᠦ ᠰᠣᠮᠣᠨ ᠤ ᠵᠠᠰᠠᠭ ᠤᠨ ᠣᠷᠳᠣᠨ᠂ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠬᠤᠲᠠ ᠶᠢᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠬᠦ ᠪᠠᠷ ᠲᠣᠭᠲᠠᠭᠠᠪᠠ᠄    ᠯᠦ ᠪᠦᠦ ᠳ᠋ᠦᠩ ᠬᠤᠲᠠ ᠶᠢᠨ ᠳᠠᠷᠤᠭ᠎ᠠ ᠬᠤᠲᠠ ᠶᠢᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠵᠠᠩ ᠶᠢᠩ ᠵᠢᠶᠧ ᠬᠤᠲᠠ ᠶᠢᠨ ᠳᠡᠳ᠋ ᠳᠠᠷᠤᠭ᠎ᠠ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠮᠵᠢᠨ ᠡᠳ᠋ ᠤᠨ ᠵᠠᠰᠠᠭ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ᠂ ᠭᠠᠳᠠᠭᠠᠳᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ᠎ᠡ᠃    ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ︵ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ︶᠂ ᠬᠥᠬᠡᠬᠤᠲᠠ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠯᠠᠭ᠎ᠠ ᠺᠣᠮᠫᠠᠨᠢ ᠵᠡᠷᠭᠡ ᠶᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠠᠷᠠᠯᠵᠢᠶ᠎ᠠ ᠶᠢ ᠠᠬᠢᠭᠤᠯᠬᠤ ᠵᠥᠪᠯᠡᠯ ︵ᠤᠯᠠᠭᠠᠨᠪᠠᠭᠠᠲᠤᠷ ᠲᠤ ᠰᠠᠭᠤᠭ᠎ᠠ ᠲᠥᠯᠥᠭᠡᠯᠡᠭᠴᠢ ᠶᠢᠨ ᠭᠠᠵᠠᠷ︶᠂ ᠡᠪ ᠬᠠᠮᠲᠤ ᠵᠠᠯᠠᠭᠤᠴᠤᠳ ᠤᠨ ᠡᠪᠯᠡᠯ ᠤᠨ ᠡᠷᠢᠶᠡᠨ ᠬᠤᠲᠠ ᠶᠢᠨ ᠬᠤᠷᠢᠶ᠎ᠠ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ᠂ ᠡᠷᠢᠶᠡᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠷᠢᠶᠡᠨ ᠪᠣᠭᠤᠮᠲᠠ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ᠂ ᠡᠷᠢᠶᠡᠨ ᠲᠡᠮᠦᠷ ᠵᠠᠮ ᠤᠨ ᠲᠡᠷᠭᠡᠨ ᠥᠷᠲᠡᠭᠡ ᠵᠢᠴᠢ ᠲᠡᠮᠦᠷ ᠵᠠᠮ ᠤᠨ ᠭᠠᠵᠠᠷ ᠣᠷᠣᠨ ᠤ ᠡᠯ᠎ᠡ ᠰᠠᠯᠠᠭ᠎ᠠ ᠮᠥᠴᠢᠷ᠂ ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠡᠷᠢᠶᠡᠨ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠡᠷᠢᠶᠡᠨ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠯᠢ ᠶᠢᠨ ᠭᠤᠤᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠡᠷᠢᠶᠡᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠂ ᠠᠷᠠᠳ ᠤᠨ ᠪᠠᠩᠬᠢ ᠶᠢᠨ ᠡᠷᠢᠶᠡᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠳᠤ ᠰᠠᠭᠤᠭ᠎ᠠ ᠪᠤᠰᠤᠳ ᠡᠯ᠎ᠡ ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠰᠢᠶᠣᠤ ᠵᠢᠶᠠᠨ ᠵᠢᠶᠦ᠋ᠨ ᠬᠤᠲᠠ ᠶᠢᠨ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠬᠦ︶ ᠬᠤᠲᠠ ᠶᠢᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ ᠪᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠵᠠᠩ ᠶᠢᠩ ᠵᠢᠶᠧ ᠬᠤᠲᠠ ᠶᠢᠨ ᠳᠡᠳ᠋ ᠳᠠᠷᠤᠭ᠎ᠠ ᠶᠢᠨ ᠠᠵᠢᠯ ᠢᠶᠠᠨ ᠥᠷᠨᠢᠭᠦᠯᠬᠦ ᠶᠢ ᠬᠠᠪᠰᠤᠷᠴᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠡᠳ᠋ ᠤᠨ ᠵᠠᠰᠠᠭ ᠭᠠᠶᠢᠯᠢ ᠲᠠᠲᠠᠪᠤᠷᠢ ᠶᠢ ᠪᠤᠶᠢᠵᠢᠭᠤᠯᠬᠤ᠂ ᠭᠠᠳᠠᠭᠠᠳᠤ ᠲᠠᠢ ᠬᠠᠷᠢᠯᠴᠠᠬᠤ ᠵᠡᠷᠭᠡ ᠠᠵᠢᠯ ᠢ ᠭᠤᠣᠯᠳᠠᠯᠭ᠎ᠠ ᠲᠠᠢ ᠴᠢᠬᠤᠯᠠᠴᠢᠯᠠᠨ᠎ᠠ᠃    ᠬᠤᠲᠠ ᠶᠢᠨ ᠠᠷᠠᠳ ᠤᠨ ᠶᠠᠪᠤᠳᠠᠯ ᠪᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠯᠠᠢ ᠰᠢᠶᠠᠩ ᠬᠤᠸᠠ ᠬᠤᠲᠠ ᠶᠢᠨ ᠳᠡᠳ᠋ ᠳᠠᠷᠤᠭ᠎ᠠ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠰᠣᠶᠣᠯ ᠪᠠ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃    ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ︵ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ︶᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠤᠯᠠᠭ᠎ᠠ ᠥᠷᠲᠡᠭᠡᠨ ᠤ ᠺᠣᠮᠫᠠᠨᠢ᠂ ᠢ ᠴᠢᠤᠸᠠᠨ ᠤᠰᠤᠨ ᠤ ᠶᠠᠪᠤᠳᠠᠯ ᠤᠨ ᠺᠣᠮᠫᠠᠨᠢ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ᠂ ᠬᠤᠪᠢ ᠶᠢᠨ ᠬᠥᠳᠡᠯᠮᠦᠷᠢᠴᠢᠳ ᠤᠨ ᠨᠡᠶᠢᠭᠡᠮᠯᠢᠭ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠮ ᠵᠠᠭᠤᠴᠢᠯᠠᠭᠤᠷ ᠤᠨ ᠲᠥᠪ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠤᠯᠪᠣᠭᠠᠲᠤ ᠬᠤᠷᠠᠯ᠂ ᠭᠡᠷᠡᠯᠳᠣᠠᠣᠳᠦ ᠰᠤᠮᠤ ᠲᠠᠢ ᠬᠠᠷᠢᠯᠴᠠᠨ᠎ᠠ    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   ᠸᠠᠩ ᠳ᠋ᠦᠩ ᠱᠧᠩ ᠬᠤᠲᠠ ᠶᠢᠨ ᠳᠡᠳ᠋ ᠳᠠᠷᠤᠭ᠎ᠠ ᠬᠤᠲᠠ ᠶᠢᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤᠨ ᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃    ᠬᠤᠲᠠ ᠶᠢᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠶᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠤᠯᠪᠣᠭᠠᠲᠤ ᠬᠤᠷᠠᠯ᠂ ᠭᠡᠷᠡᠯᠳᠣᠠᠣᠳᠦ ᠰᠤᠮᠤ ᠲᠠᠢ ᠬᠠᠷᠢᠯᠴᠠᠨ᠎ᠠ    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠵᠠᠩ ᠶᠦᠩ ᡁᠢ ᠬᠤᠲᠠ ᠶᠢᠨ ᠳᠡᠳ᠋ ᠳᠠᠷᠤᠭ᠎ᠠ ᠬᠤᠲᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠲᠤᠭ᠎ᠠ ᠪᠦᠷᠢᠳᠬᠡᠯ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠨᠢᠰᠬᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠲᠠ ᠡᠵᠡᠩᠨᠡᠯᠲᠡ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠪᠡ᠃    ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠠᠮᠢᠶᠠᠷᠤᠯᠲᠠ ᠶᠢᠨ ᠵᠥᠪᠯᠡᠯ ᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠡᠷᠢᠶᠡᠨ ᠬᠤᠲᠠ ᠶᠢᠨ ᠬᠤᠪᠢᠶᠠᠷᠢ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠰᠠᠶᠢᠬᠤᠰᠦ ᠨᠢᠰᠬᠡᠯ ᠤᠨ ᠪᠠᠭᠤᠳᠠᠯ ᠤᠨ ᠺᠣᠮᠫᠠᠨᠢ᠂ ᠷᠠᠳᠢᠣ᠋ ᠶᠢᠨ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠡᠷᠢᠶᠡᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠡᠷᠢᠶᠡᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠷᠢᠶᠡᠨ ᠬᠤᠪᠢᠶᠠᠷᠢ ᠺᠣᠮᠫᠠᠨᠢ᠂ ᠡᠷᠢᠶᠡᠨ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠡᠷᠢᠶᠡᠨ ᠬᠤᠲᠠ ᠶᠢᠨ ᠰᠢᠤᠳᠠᠨ ᠤ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠰᠢᠯᠢᠨᠪᠠᠭᠠᠳᠣᠷ ᠬᠤᠲᠠ ᠶᠢᠨ ᠳᠡᠳ᠋ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠲᠠ ᠶᠢᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃    ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠯᠠᠨ ᠤᠯᠤᠰ ᠤᠨ ᠳᠡᠭᠡᠳᠦ ᠰᠤᠷᠭᠠᠭᠤᠯᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶᠂ ᠲᠣᠮᠣ ᠳ᠋ᠠᠶᠢᠲ᠋ᠠ ᠶᠢᠨ ᠲᠥᠪ᠂ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠲᠥᠪ ᠢ ᠬᠤᠪᠢᠳᠠᠨ ᠬᠠᠮᠢᠶᠠᠷᠤᠨ᠎ᠠ᠃    ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠡᠷᠢᠶᠡᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ︵ᠨᠠᠪᠴᠢᠨ ᠲᠠᠮᠠᠬᠢ ᠶᠢᠨ ᠺᠣᠮᠫᠠᠨᠢ︶᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠡᠷᠢᠶᠡᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠢᠦᠶ ᠰᠢᠶᠠᠩ ᠹᠸᠢ ᠡᠷᠬᠢᠯᠡᠭᠴᠢ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠰᠢᠢᠳᠪᠦᠷᠢᠯᠡᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠢ ᠡᠷᠬᠢᠯᠡᠨ᠎ᠡ᠃    ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃                               ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ                                      2024 ᠣᠨ ᠤ 2 ᠰᠠᠷ᠎ᠠ ᠶᠢᠨ 1 ᠤ ᠡᠳᠦᠷ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号